ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠣᠰᠣᠯᠠᠯ ᠬᠢᠪᠡ
ᠨᠡᠶᠢᠲᠡᠯᠡᠭᠰᠡᠨ ᠴᠠᠭ᠄
2019-09-03
       ︵ᠰᠤᠷᠪᠤᠯᠵᠢᠯᠠᠭᠴᠢ ᠠᠷᠢᠭᠤᠨ᠎ᠠ︶ ᠥᠴᠥᠭᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠣᠰᠣᠯᠠᠯ ᠬᠢᠪᠡ᠃      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠣᠰᠣᠯᠠᠯ ᠠᠴᠠ ᠡᠮᠦᠨ᠎ᠡ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠰᠤᠷᠭᠠᠭᠤᠯᠢ ᠶᠢᠨ ᠬᠦᠷᠢᠶ᠎ᠡ ᠪᠠᠷ ᠲᠣᠭᠤᠷᠢᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠠ ᠠᠵᠢᠯᠯᠠᠭ᠎ᠠ ᠶᠢᠨ ᠪᠠᠶᠢᠳᠠᠯ ᠳᠤ ᠨᠠᠷᠢᠨ ᠣᠶᠢᠯᠠᠭᠠᠯᠲᠠ ᠬᠢᠪᠡ᠃      ᠣᠶᠢᠯᠭᠠᠭᠰᠠᠨ ᠢᠶᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ 2018 ᠣᠨ ᠳᠤ ᠪᠠᠶᠢᠭᠤᠯᠤᠭᠳᠠᠵᠤ᠂ ᠤᠤᠯ ᠳᠠᠭᠠᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠭᠡᠵᠦ ᠨᠡᠷᠡᠯᠡᠵᠦ ᠪᠠᠶᠢᠵᠠᠢ᠃ 2019 ᠣᠨ ᠳᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ  ᠲᠠᠢ ᠬᠠᠮᠲᠤᠷᠠᠨ ᠡᠷᠬᠢᠯᠡᠵᠦ᠂ ᠰᠤᠷᠭᠠᠭᠤᠯᠢ ᠶᠢᠨ ᠨᠡᠷ᠎ᠡ ᠪᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ ᠬᠡᠮᠡᠨ ᠬᠠᠯᠠᠭᠰᠠᠨ ᠪᠠᠶᠢᠨ᠎ᠠ᠃ ᠲᠤᠰ ᠰᠤᠷᠭᠠᠭᠤᠯᠢ ᠨᠢ ᠪᠦᠬᠦ ᠬᠤᠲᠠ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ ᠰᠤᠷᠭᠠᠭᠤᠯᠢ᠂ ᠳᠡᠭᠡᠳᠦ ᠳᠤᠮᠳᠠᠳᠤ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ  ︽ᠠᠷᠪᠠᠨ ᠲᠠᠪᠤᠨ ᠵᠢᠯ ᠤᠨ ᠲᠤᠭᠤᠰᠢ ᠵᠢᠷᠤᠮᠯᠠᠬᠤ ᠳᠦᠷᠢᠮᠲᠦ ᠮᠣᠩᠭᠤᠯ  ᠦᠨᠳᠦᠰᠦᠲᠡᠨ ᠤ ᠰᠤᠷᠭᠠᠭᠤᠯᠢ︾ ᠪᠣᠯᠣᠨ᠎ᠠ᠃ ᠰᠤᠷᠭᠠᠭᠤᠯᠢ ᠶᠢ ᠪᠦᠷᠢᠮᠦᠰᠦᠨ ᠪᠠᠶᠢᠭᠤᠯᠵᠤ ᠪᠠᠷᠠᠭᠰᠠᠨ ᠤ ᠳᠠᠷᠠᠭ᠎ᠠ ᠨᠡᠶᠢᠲᠡ 123 ᠵᠢᠭᠠᠨ ᠰᠤᠷᠭᠠᠯᠲᠠ ᠶᠢᠨ ᠠᠩᠭᠢ᠂ 4950 ᠰᠤᠷᠤᠭᠴᠢ ᠶᠢᠨ ᠣᠷᠣᠨ᠂ ᠡᠭᠦᠨ ᠤ ᠳᠣᠲᠣᠷ᠎ᠠ 15 ᠴᠡᠴᠡᠷᠯᠢᠭ ᠤᠨ ᠠᠩᠭᠢ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠳᠡᠭᠡᠳᠦ ᠳᠤᠮᠳᠠᠳᠤ ᠳᠤ ᠲᠤᠰ ᠲᠤᠰ 36 ᠠᠩᠭᠢ ᠲᠠᠢ ᠪᠣᠯᠣᠨ᠎ᠠ᠃ ᠲᠤᠰ ᠰᠤᠷᠭᠠᠭᠤᠯᠢ ᠨᠢ ᠳᠡᠯᠡᠬᠡᠢ ᠶᠢᠨ ᠬᠠᠷᠠᠭᠠᠰᠤ ᠠᠴᠠ ᠰᠤᠷᠭᠠᠭᠤᠯᠢ ᠡᠷᠬᠢᠯᠡᠵᠦ᠂ ᠪᠦᠬᠦ ᠲᠠᠯ᠎ᠠ ᠪᠠᠷ ᠪᠠᠶᠢᠭᠤᠯᠤᠭᠳᠠᠭᠰᠠᠨ ᠤ ᠳᠠᠷᠠᠭ᠎ᠠ ᠤᠯᠤᠰ ᠤᠨ ᠳᠣᠲᠣᠭᠠᠳᠤ ᠳᠡᠯᠡᠬᠡᠢ ᠨᠡᠶᠢᠲᠡ ᠳᠤ ᠨᠥᠯᠥᠭᠡᠯᠡᠬᠦ ᠬᠦᠴᠦᠨ ᠲᠠᠢ ᠦᠨᠳᠦᠰᠦᠲᠡᠨ ᠤ ᠰᠤᠷᠭᠠᠭᠤᠯᠢ ᠪᠣᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠥᠵᠢᠯ ᠤᠨ ᠬᠥᠭᠵᠢᠯᠲᠡ ᠶᠢ ᠳᠠᠶᠢᠴᠢᠯᠠᠨ ᠳᠠᠭᠠᠭᠤᠯᠬᠤ ᠵᠢᠱᠢᠶ᠎ᠡ ᠦᠵᠡᠭᠦᠯᠬᠦ ᠰᠤᠷᠭᠠᠭᠤᠯᠢ ᠪᠣᠯᠬᠤ ᠪᠣᠯᠣᠨ᠎ᠠ᠃
ᠭᠡᠷᠡᠯ ᠵᠢᠷᠤᠭ ᠤᠳ ᠢ ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ  ᠬᠡᠯᠡᠨ ᠤ ᠶᠡᠷᠦᠩᠬᠡᠶᠢᠯᠡᠭᠰᠡᠨ ᠷᠠᠳᠢᠣ᠋ ᠶᠢᠨ ᠵᠢᠷᠭᠡᠭᠡ ᠲᠠᠪᠴᠠᠩ ᠠᠴᠠ ᠠᠪᠤᠪᠠ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号