︵ᠰᠤᠷᠪᠤᠯᠵᠢᠯᠠᠭᠴᠢ ᠠᠷᠢᠭᠤᠨ᠎ᠠ︶ ᠥᠴᠥᠭᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ | ᠦᠨᠳᠦᠰᠦᠲᠡᠨ ᠤ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠣᠰᠣᠯᠠᠯ ᠬᠢᠪᠡ᠃ | ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠣᠰᠣᠯᠠᠯ ᠠᠴᠠ ᠡᠮᠦᠨ᠎ᠡ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠰᠤᠷᠭᠠᠭᠤᠯᠢ ᠶᠢᠨ | ᠬᠦᠷᠢᠶ᠎ᠡ ᠪᠠᠷ ᠲᠣᠭᠤᠷᠢᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠠ ᠠᠵᠢᠯᠯᠠᠭ᠎ᠠ ᠶᠢᠨ ᠪᠠᠶᠢᠳᠠᠯ ᠳᠤ ᠨᠠᠷᠢᠨ ᠣᠶᠢᠯᠠᠭᠠᠯᠲᠠ | ᠬᠢᠪᠡ᠃ | ᠣᠶᠢᠯᠭᠠᠭᠰᠠᠨ ᠢᠶᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ 2018 | ᠣᠨ ᠳᠤ ᠪᠠᠶᠢᠭᠤᠯᠤᠭᠳᠠᠵᠤ᠂ ᠤᠤᠯ ᠳᠠᠭᠠᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠭᠡᠵᠦ ᠨᠡᠷᠡᠯᠡᠵᠦ ᠪᠠᠶᠢᠵᠠᠢ᠃ | 2019 ᠣᠨ ᠳᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ | ᠡᠷᠬᠢᠯᠡᠵᠦ᠂ ᠰᠤᠷᠭᠠᠭᠤᠯᠢ ᠶᠢᠨ ᠨᠡᠷ᠎ᠡ ᠪᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ | ᠬᠡᠮᠡᠨ ᠬᠠᠯᠠᠭᠰᠠᠨ ᠪᠠᠶᠢᠨ᠎ᠠ᠃ ᠲᠤᠰ ᠰᠤᠷᠭᠠᠭᠤᠯᠢ ᠨᠢ ᠪᠦᠬᠦ ᠬᠤᠲᠠ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠠᠩᠬ᠎ᠠ ᠳᠤᠮᠳᠠᠳᠤ ᠰᠤᠷᠭᠠᠭᠤᠯᠢ᠂ ᠳᠡᠭᠡᠳᠦ ᠳᠤᠮᠳᠠᠳᠤ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ ︽ᠠᠷᠪᠠᠨ ᠲᠠᠪᠤᠨ ᠵᠢᠯ ᠤᠨ ᠲᠤᠭᠤᠰᠢ | ᠵᠢᠷᠤᠮᠯᠠᠬᠤ ᠳᠦᠷᠢᠮᠲᠦ ᠮᠣᠩᠭᠤᠯ ᠦᠨᠳᠦᠰᠦᠲᠡᠨ ᠤ ᠰᠤᠷᠭᠠᠭᠤᠯᠢ︾ ᠪᠣᠯᠣᠨ᠎ᠠ᠃ ᠰᠤᠷᠭᠠᠭᠤᠯᠢ ᠶᠢ ᠪᠦᠷᠢᠮᠦᠰᠦᠨ ᠪᠠᠶᠢᠭᠤᠯᠵᠤ ᠪᠠᠷᠠᠭᠰᠠᠨ ᠤ ᠳᠠᠷᠠᠭ᠎ᠠ ᠨᠡᠶᠢᠲᠡ | 123 ᠵᠢᠭᠠᠨ ᠰᠤᠷᠭᠠᠯᠲᠠ ᠶᠢᠨ ᠠᠩᠭᠢ᠂ 4950 ᠰᠤᠷᠤᠭᠴᠢ ᠶᠢᠨ ᠣᠷᠣᠨ᠂ ᠡᠭᠦᠨ ᠤ ᠳᠣᠲᠣᠷ᠎ᠠ 15 ᠴᠡᠴᠡᠷᠯᠢᠭ ᠤᠨ ᠠᠩᠭᠢ᠂ ᠪᠠᠭ᠎ᠠ ᠰᠤᠷᠭᠠᠭᠤᠯᠢ᠂ | ᠠᠩᠬ᠎ᠠ ᠳᠤᠮᠳᠠᠳᠤ᠂ ᠳᠡᠭᠡᠳᠦ ᠳᠤᠮᠳᠠᠳᠤ ᠳᠤ ᠲᠤᠰ ᠲᠤᠰ 36 ᠠᠩᠭᠢ ᠲᠠᠢ ᠪᠣᠯᠣᠨ᠎ᠠ᠃ ᠲᠤᠰ ᠰᠤᠷᠭᠠᠭᠤᠯᠢ ᠨᠢ ᠳᠡᠯᠡᠬᠡᠢ ᠶᠢᠨ ᠬᠠᠷᠠᠭᠠᠰᠤ ᠠᠴᠠ | ᠰᠤᠷᠭᠠᠭᠤᠯᠢ ᠡᠷᠬᠢᠯᠡᠵᠦ᠂ ᠪᠦᠬᠦ ᠲᠠᠯ᠎ᠠ ᠪᠠᠷ ᠪᠠᠶᠢᠭᠤᠯᠤᠭᠳᠠᠭᠰᠠᠨ ᠤ ᠳᠠᠷᠠᠭ᠎ᠠ ᠤᠯᠤᠰ ᠤᠨ ᠳᠣᠲᠣᠭᠠᠳᠤ ᠳᠡᠯᠡᠬᠡᠢ ᠨᠡᠶᠢᠲᠡ ᠳᠤ ᠨᠥᠯᠥᠭᠡᠯᠡᠬᠦ ᠬᠦᠴᠦᠨ ᠲᠠᠢ | ᠦᠨᠳᠦᠰᠦᠲᠡᠨ ᠤ ᠰᠤᠷᠭᠠᠭᠤᠯᠢ ᠪᠣᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠥᠵᠢᠯ ᠤᠨ ᠬᠥᠭᠵᠢᠯᠲᠡ ᠶᠢ ᠳᠠᠶᠢᠴᠢᠯᠠᠨ | ᠳᠠᠭᠠᠭᠤᠯᠬᠤ ᠵᠢᠱᠢᠶ᠎ᠡ ᠦᠵᠡᠭᠦᠯᠬᠦ ᠰᠤᠷᠭᠠᠭᠤᠯᠢ ᠪᠣᠯᠬᠤ ᠪᠣᠯᠣᠨ᠎ᠠ᠃ | | | | | | | | | | | | | | | | | | | | | | | | | | ᠭᠡᠷᠡᠯ ᠵᠢᠷᠤᠭ ᠤᠳ ᠢ ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠶᠡᠷᠦᠩᠬᠡᠶᠢᠯᠡᠭᠰᠡᠨ ᠷᠠᠳᠢᠣ᠋ ᠶᠢᠨ ᠵᠢᠷᠭᠡᠭᠡ ᠲᠠᠪᠴᠠᠩ ᠠᠴᠠ ᠠᠪᠤᠪᠠ |