ᠰᠢᠨ᠎ᠡ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠪᠠᠶᠢᠴᠠᠭᠠᠨ ᠰᠤᠳᠤᠯᠵᠤ ᠰᠢᠢᠳᠪᠦᠷᠢᠯᠡᠪᠡ
ᠨᠡᠶᠢᠲᠡᠯᠡᠭᠰᠡᠨ ᠴᠠᠭ᠄
2019-09-30
     ᠰᠢᠨ᠎ᠡ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠭᠤᠤᠯᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠴᠢᠬᠤᠯᠠ ᠥᠭᠦᠯᠡᠯᠲᠡ ᠲᠠᠢ ᠨᠢᠭᠲᠠ ᠤᠶᠠᠯᠳᠤᠭᠤᠯᠤᠨ᠂ ᠦᠪᠡᠷ ᠤᠨ ᠡᠭᠦᠷᠭᠡ ᠲᠤᠰᠢᠶᠠᠯ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ︽ᠡᠭᠦᠳᠡ ᠪᠠᠨ ᠨᠡᠭᠡᠭᠡᠵᠦ ᠰᠠᠨᠠᠭ᠎ᠠ ᠰᠤᠨᠤᠰᠬᠤ︾ ᠠᠵᠢᠯ ᠢ ᠰᠠᠶᠢᠲᠤᠷ ᠬᠢᠵᠦ᠂ ᠠᠷᠭ᠎ᠠ ᠵᠠᠮ ᠢ ᠦᠷᠭᠡᠳᠭᠡᠵᠦ᠂ ᠵᠠᠮ ᠮᠦᠷ ᠢ ᠰᠢᠯᠤᠭᠤᠳᠬᠠᠵᠤ᠂ ᠠᠷᠠᠳ ᠤᠨ ᠰᠠᠨᠠᠭ᠎ᠠ ᠶᠢ ᠰᠣᠨᠣᠰᠬᠤ ᠶᠢ ᠪᠠᠷᠢᠮᠲᠠᠯᠠᠵᠤ᠂ ᠠᠷᠠᠳ ᠤᠨ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠤᠷᠢᠶᠠᠨ ᠴᠤᠭᠯᠠᠭᠤᠯᠤᠭᠰᠠᠨ ᠪᠠᠶᠢᠨ᠎ᠠ᠃      2019 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ᠂ ᠰᠢᠨ᠎ᠡ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠠᠵᠢᠯᠲᠠᠨ ᠤᠷᠢᠯᠭ᠎ᠠ ᠪᠠᠷ  ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ︽ᠰᠡᠳᠬᠢᠯ ᠤᠨ ᠬᠥᠭᠦᠷᠭᠡ︾ ᠶᠢᠨ ᠠᠵᠢᠯ ᠲᠥᠷᠥᠯ ᠤᠨ ᠰᠤᠷᠲᠠᠯ ᠤᠨ ᠬᠠᠯᠠᠭᠤᠨ ᠤᠲᠠᠰᠤᠨ ᠤ ᠫᠷᠤᠭ᠍ᠷᠠᠮ ᠳᠤ ᠣᠷᠣᠯᠴᠠᠪᠠ᠃ ᠫᠷᠤᠭ᠍ᠷᠠᠮ ᠳᠤᠮᠳᠠ ᠣᠯᠠᠨ ᠲᠦᠮᠡᠨ ᠴᠠᠬᠢᠯᠭᠠᠨ ᠢᠷᠡᠵᠦ ᠵᠠᠨ ᠳ᠋ᠦᠩ ᠵᠠᠮ ᠤᠨ ᠴᠠᠬᠢᠯᠭᠠᠨ ᠪᠠᠶᠢᠭᠤᠯᠤᠯᠲᠠ ᠶᠢᠨ ᠬᠤᠶᠠᠳᠤᠭᠠᠷ ᠺᠣᠮᠫᠠᠨᠢ ᠶᠢᠨ ᠪᠠᠭ᠎ᠠ ᠲᠣᠭᠤᠷᠢᠭ᠂ ᠳ᠋ᠢᠩ ᠰᠢᠶᠠᠩ ᠵᠠᠮ ᠤᠨ ᠬᠤᠸᠠ ᠶᠤᠸᠠᠨ ᠪᠠᠭ᠎ᠠ ᠲᠣᠭᠤᠷᠢᠭ ᠤᠨ  ᠤᠰᠤ ᠨᠡᠪᠲᠡᠷᠡᠬᠦ ᠦᠭᠡᠢ ᠪᠠᠶᠢᠳᠠᠯ᠂ ᠳᠤᠯᠠᠭᠠᠮᠵᠢ ᠨᠢ ᠬᠠᠯᠠᠭᠤᠨ ᠪᠢᠰᠢ ᠵᠡᠷᠭᠡ ᠠᠰᠠᠭᠤᠳᠠᠯ ᠢ ᠲᠤᠰᠬᠠᠵᠤ᠂ ᠬᠤᠶᠠᠷ ᠲᠠᠯ᠎ᠠ ᠪᠠᠷ ᠢᠶᠠᠨ ᠡᠨᠡ ᠠᠰᠠᠭᠤᠳᠠᠯ ᠤᠨ ᠲᠤᠬᠠᠶ ᠢᠳᠡᠪᠬᠢᠲᠡᠢ ᠰᠣᠯᠢᠯᠴᠠᠭ᠎ᠠ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠠᠵᠢᠯᠲᠠᠳ ᠴᠤ ᠨᠠᠷᠢᠨ ᠬᠢᠨᠠᠮᠠᠭᠠᠶ ᠬᠠᠷᠢᠭᠤᠯᠲᠠ ᠦᠭᠭᠦᠭᠰᠡᠨ ᠪᠠᠶᠢᠨ᠎ᠠ᠃      ᠫᠷᠤᠭ᠍ᠷᠠᠮ ᠳᠠᠭᠤᠰᠤᠭᠰᠠᠨ ᠤ ᠳᠠᠷᠠᠭ᠎ᠠ᠂ ᠰᠢᠨ᠎ᠡ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠰᠠᠭᠤᠷᠢᠯᠠᠨ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠠᠵᠢᠯ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠵᠢᠳᠬᠦᠬᠦ ᠵᠣᠷᠢᠭ ᠰᠠᠨᠠᠭ᠎ᠠ ᠪᠣᠯᠤᠨ ︽ᠡᠭᠦᠳᠡ ᠪᠠᠨ ᠨᠡᠭᠡᠭᠡᠵᠦ ᠰᠠᠨᠠᠭ᠎ᠠ ᠰᠤᠨᠤᠰᠬᠤ︾ ᠳᠤᠮᠳᠠ ᠣᠯᠵᠤ ᠢᠯᠡᠷᠡᠭᠰᠡᠨ᠂ ᠴᠤᠭᠯᠠᠭᠤᠯᠵᠤ ᠣᠯᠤᠭᠰᠠᠨ ᠠᠰᠠᠭᠤᠳᠠᠯ ᠢᠶᠠᠨ ᠰᠢᠢᠳᠪᠦᠷᠢᠯᠡᠵᠦ ᠳᠡᠶᠢᠯᠬᠦ ᠨᠢ ᠲᠤᠬᠠᠢ ᠶᠢᠨ ᠭᠠᠵᠠᠷ ᠲᠤ ᠨᠢ ᠠᠯᠪᠠᠯᠠᠵᠤ᠂ ᠳᠠᠷᠦ᠋ᠢᠬᠠᠨ ᠠᠵᠢᠯ ᠡᠷᠬᠢᠯᠡᠬᠦ ᠵᠠᠷᠴᠢᠮ ᠢ ᠪᠠᠷᠢᠮᠲᠠᠯᠠᠨ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠵᠣᠬᠢᠴᠠᠭᠤᠯᠤᠨ ᠲᠣᠬᠢᠷᠠᠭᠤᠯᠵᠤ ᠂ ᠬᠤᠲᠠ ᠶᠢᠨ ᠨᠡᠶᠢᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠹᠦ᠋ ᠲᠠᠢ ᠢᠯᠴᠢ ᠶᠢᠨ ᠬᠦᠴᠦᠨ ᠤ ᠺᠣᠮᠫᠠᠨᠢ᠂ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠢ ᠰᠠᠭᠤᠭᠠᠯᠢ ᠠᠷᠠᠳ ᠤᠨ ᠲᠣᠭᠤᠷᠢᠭ ᠲᠤ ᠴᠤᠭᠯᠠᠭᠤᠯᠤᠨ ᠠᠵᠢᠯᠯᠠᠭᠤᠯᠵᠤ᠂ ᠰᠠᠭᠤᠭᠠᠯᠢ ᠠᠷᠠᠳ ᠤᠨ ᠰᠡᠳᠬᠢᠯ ᠲᠠᠯᠪᠢᠵᠤ ᠪᠠᠶᠢᠭ᠎ᠠ ᠢᠯᠴᠢ ᠬᠠᠩᠭᠠᠬᠤ᠂ ᠤᠰᠤ ᠨᠡᠪᠲᠡᠷᠡᠬᠦ᠂ ᠵᠠᠮ ᠬᠠᠭᠠᠷᠠᠭᠰᠠᠨ ᠵᠡᠷᠭᠡ ᠠᠰᠠᠭᠤᠳᠠᠯ ᠳᠤ ᠨᠠᠷᠢᠨ ᠲᠠᠶᠢᠯᠪᠤᠷᠢᠯᠠᠯᠲᠠ ᠬᠢᠵᠦ᠂ ᠬᠤᠲᠠ ᠶᠢᠨ ᠤᠰᠤ ᠬᠠᠩᠭᠠᠬᠤ ᠬᠤᠭᠤᠯᠠᠶ ᠲᠣᠤᠷ ᠤᠨ ᠺᠣᠮᠫᠠᠨᠢ ᠶᠢ ᠵᠣᠬᠢᠴᠠᠭᠤᠯᠵᠤ᠂ ᠰᠠᠭᠤᠭᠠᠯᠢ ᠠᠷᠠᠳ ᠤᠨ ᠳᠤᠷᠠᠳᠤᠭᠰᠠᠨ ᠤᠰᠤ ᠭᠠᠳᠠᠭᠰᠢᠯᠠᠭᠤᠯᠬᠤ ᠳᠤ ᠮᠠᠭᠤ᠂ ᠤᠰᠤ ᠤᠷᠤᠰᠬᠤ ᠠᠰᠠᠭᠤᠳᠠᠯ ᠢ ᠰᠢᠢᠳᠪᠦᠷᠢᠯᠷᠬᠦ ᠶᠢᠨ ᠬᠠᠮᠲᠤ ᠹᠦ᠋ ᠲᠠᠢ ᠢᠯᠴᠢ ᠶᠢᠨ ᠬᠦᠴᠦᠨ ᠤ ᠺᠣᠮᠫᠠᠨᠢ ᠶᠢ ᠵᠣᠬᠢᠴᠠᠭᠤᠯᠵᠤ ᠪᠠᠶᠢᠭᠠᠳ ᠦᠨᠡᠨᠬᠦ ᠳᠤᠯᠠᠭᠠᠯᠠᠭ᠎ᠠ ᠬᠠᠩᠭᠠᠬᠤ ᠲᠥᠰᠦᠯ ᠢ ᠭᠠᠷᠭᠠᠵᠤ ᠢᠯᠴᠢ ᠬᠠᠩᠭᠠᠬᠤ ᠦᠢᠯᠡᠴᠢᠯᠡᠭᠡ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号