ᠰᠢᠨᠬᠤᠧᠠ ᠮᠤᠩᠭᠤᠯ ᠨᠧᠲ ᠬᠦᠬᠡᠬᠤᠲᠠ ᠶᠢᠨ 9 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ︵ | ᠬ᠊᠂ ᠦᠵᠡᠰᠭᠦᠯᠡᠩ︶ ᠨᠠᠢᠮᠠᠨ ᠮᠤᠵᠢ ᠤᠷᠤᠨ ᠤ ᠠᠩᠬᠠᠲᠤᠭᠠᠷ ᠬᠤᠭᠤᠴᠠᠭᠠᠨ ᠤ ᠮᠤᠩᠭᠤᠯ ᠤᠷᠴᠢᠭᠤᠯᠭ᠎ᠠ ᠶᠢᠨ | ᠡᠷᠲᠡᠮ ᠰᠢᠨᠵᠢᠯᠡᠭᠡᠨ ᠤ ᠬᠤᠷᠠᠯ 9 ᠰᠠᠷ᠎ᠠ ᠶᠢᠨ 28 ᠤ ᠡᠲᠦᠷ ᠲᠤ ᠬᠦᠬᠡᠬᠤᠲᠠ ᠳᠤ ᠡᠬᠢᠯᠡᠪᠡ᠃ | | ᠨᠡᠬᠡᠬᠡᠯᠲᠡ ᠶᠢᠨ ᠶᠤᠰᠤᠯᠠᠯ | ᠰᠢᠨ᠎ᠡ ᠲᠤᠮᠲᠠᠲᠤ ᠤᠯᠤᠰ ᠪᠠᠢᠭᠤᠯᠤᠭᠲᠠᠭᠰᠠᠨ ᠠᠴᠠ ᠨᠠᠭᠠᠰᠢᠬᠢ ᠮᠤᠩᠭᠤᠯ ᠤᠷᠴᠢᠭᠤᠯᠭ᠎ᠠ ᠶᠢᠨ ᠠᠮᠵᠢᠯᠲᠠ | ᠪᠦᠲᠦᠮᠵᠢ ᠶᠢ ᠳ᠋ᠦᠩᠨᠡᠵᠦ ᠮᠤᠩᠭᠤᠯ ᠬᠡᠯᠡᠨ ᠤ ᠤᠷᠴᠢᠭᠤᠯᠭ᠎ᠠ ᠶᠢᠨ ᠭᠤᠤᠯᠲᠠᠯᠭᠠᠲᠤ ᠰᠠᠭᠤᠷᠢᠨ ᠤ ᠪᠦᠲᠦᠭᠡᠨ | ᠪᠠᠢᠭᠤᠯᠤᠯᠲᠠ ᠶᠢ ᠠᠬᠢᠭᠤᠯᠬᠤ ᠵᠤᠷᠢᠯᠭ᠎ᠠ ᠲᠠᠢ ᠡᠨᠡ ᠬᠦ ᠡᠷᠲᠡᠮ ᠰᠢᠨᠵᠢᠯᠡᠭᠡᠨ ᠤ ᠬᠤᠷᠠᠯ ᠨᠢ ᠲᠤᠮᠲᠠᠲᠤ ᠤᠯᠤᠰ ᠤᠨ | ᠤᠷᠴᠢᠭᠤᠯᠤᠭᠴᠢᠳ ᠤᠨ ᠨᠡᠢᠭᠡᠮᠯᠢᠭ ᠤᠨ ᠦᠨᠳᠦᠰᠦᠲᠡᠨ ᠤ ᠬᠡᠯᠡ ᠪᠢᠴᠢᠭ ᠤᠨ ᠤᠷᠴᠢᠭᠤᠯᠭ᠎ᠠ ᠶᠢᠨ ᠵᠦᠪᠯᠡᠯ᠂ | ᠦᠪᠦᠷ ᠮᠤᠩᠭᠤᠯ ᠤᠨ ᠮᠤᠩᠭᠤᠯ ᠤᠷᠴᠢᠭᠤᠯᠤᠭᠴᠢᠳ ᠤᠨ ᠨᠡᠢᠭᠡᠮᠯᠢᠭ᠂ ᠬᠦᠬᠡᠬᠤᠲᠠ ᠦᠨᠳᠦᠰᠦᠲᠡᠨ ᠤ ᠲᠡᠭᠡᠳᠦ | ᠰᠤᠷᠭᠠᠭᠤᠯᠢ ᠠᠴᠠ ᠰᠠᠨᠠᠭᠠᠴᠢᠯᠠᠨ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠮᠤᠩᠭᠤᠯ | ᠰᠤᠲᠤᠯᠤᠯ ᠤᠨ ᠲᠡᠭᠡᠳᠦ ᠰᠤᠷᠭᠠᠭᠤᠯᠢ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ | ᠤᠷᠴᠢᠭᠤᠯᠭ᠎ᠠ ᠶᠢᠨ ᠲᠡᠭᠡᠳᠦ ᠰᠤᠷᠭᠠᠭᠤᠯᠢ ᠠᠴᠠ ᠵᠤᠬᠢᠶᠠᠨ ᠶᠠᠪᠤᠭᠲᠠᠭᠤᠯᠤᠭᠰᠠᠨ ᠶᠤᠮ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ | ᠲᠡᠳ᠋ ᠡᠷᠬᠢᠯᠡᠭᠴᠢ ᠰᠠᠴᠤᠷᠠᠯᠲᠤ ᠬᠡᠯᠡᠬᠦ ᠳᠡᠭᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ | ᠪᠠᠢᠭᠤᠯᠤᠭᠲᠠᠭᠰᠠᠨ ᠠᠴᠠ ᠨᠠᠭᠠᠰᠢᠬᠢ ᠲᠠᠯᠠᠭᠠᠳ ᠵᠢᠯ ᠤᠨ ᠲᠤᠷᠰᠢ ᠨᠠᠮ ᠤᠨ ᠲᠦᠪ ᠬᠤᠷᠢᠶ᠎ᠠ ᠲᠦᠷᠦ ᠶᠢᠨ | ᠶᠠᠪᠤᠲᠠᠯ ᠤᠨ ᠬᠤᠷᠢᠶᠠᠨ ᠤ ᠵᠦᠪ ᠤᠨᠤᠪᠴᠢᠲᠠᠢ ᠤᠲᠤᠷᠢᠲᠤᠯᠭ᠎ᠠ ᠲᠤᠤᠷ᠎ᠠ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠡᠯ᠎ᠡ ᠱᠠᠲᠤᠨ ᠤᠨ ᠨᠠᠮ ᠤᠨ ᠬᠤᠷᠢᠶ᠎ᠠ ᠵᠠᠰᠠᠭ ᠤᠨ ᠤᠷᠲᠤᠨ ᠠᠴᠠ ᠦᠨᠳᠦᠰᠦᠲᠡᠨ ᠤ ᠬᠡᠯᠡ | ᠪᠢᠴᠢᠭ ᠤᠨ ᠲᠤᠬᠠᠢ ᠨᠠᠮ ᠤᠨ ᠲᠦᠷᠦ ᠶᠢᠨ ᠪᠤᠲᠤᠯᠭ᠎ᠠ ᠪᠠ ᠤᠯᠤᠰ ᠤᠨ ᠬᠠᠦᠯᠢ ᠲᠤᠭᠲᠠᠭᠠᠯ ᠢ ᠭᠦᠨᠵᠡᠭᠡᠢ | ᠨᠠᠢᠲᠠᠪᠤᠷᠢᠵᠢᠭᠤᠯᠤᠨ ᠮᠤᠩᠭᠤᠯ ᠬᠡᠯᠡᠨ ᠤ ᠤᠷᠴᠢᠭᠤᠯᠭ᠎ᠠ ᠶᠢᠨ ᠠᠵᠢᠯ ᠢ ᠬᠦᠨᠳᠦᠳᠭᠡᠨ ᠦᠵᠡᠵᠦ ᠠᠯᠢ ᠤᠯᠠᠨ | ᠪᠦᠲᠦᠮᠵᠢᠲᠡᠢ ᠠᠷᠭ᠎ᠠ ᠪᠤᠲᠤᠯᠭ᠎ᠠ ᠶᠢ ᠬᠡᠷᠡᠭᠵᠢᠬᠦᠯᠵᠦ ᠢᠯᠡᠷᠬᠡᠢ ᠠᠮᠵᠢᠯᠲᠠ ᠪᠦᠲᠦᠮᠵᠢ ᠤᠯᠤᠭᠰᠠᠨ ᠪᠠᠢᠨ᠎ᠠ᠃ | ᠤᠷᠴᠢᠭᠤᠯᠭ᠎ᠠ ᠶᠢᠨ ᠠᠵᠢᠯ ᠨᠢ ᠲᠡᠯᠡᠬᠡᠢ ᠶᠢᠨ ᠪᠤᠰᠤᠳ ᠲᠠᠪᠰᠢᠭᠰᠠᠨ ᠰᠤᠶᠤᠯ ᠲᠠᠢ ᠲᠠᠨᠢᠯᠴᠠᠨ᠂ ᠰᠢᠨ᠎ᠡ ᠰᠢᠨᠵᠢᠯᠡᠬᠦ | ᠤᠬᠠᠭᠠᠨ ᠲᠧᠭᠨᠤᠯᠤᠬᠢ ᠶᠢ ᠰᠤᠷᠤᠯᠴᠠᠨ ᠡᠵᠡᠮᠰᠢᠵᠦ ᠲᠡᠯᠡᠬᠡᠢ ᠶᠢᠨ ᠲᠡᠷᠢᠬᠦᠨ ᠤ ᠲᠦᠪᠰᠢᠨ ᠲᠠᠢ ᠤᠢᠷᠠᠲᠤᠯᠴᠠᠬᠤ ᠪᠠ | ᠦᠪᠡᠷ ᠤᠨ ᠢᠶᠠᠨ ᠲᠡᠯᠡᠬᠡᠢ ᠳᠤ ᠲᠠᠨᠢᠭᠤᠯᠬᠤ ᠴᠢᠬᠤᠯᠠ ᠠᠷᠭ᠎ᠠ ᠵᠠᠮ ᠶᠤᠮ᠃ ᠪᠠᠰᠠ ᠮᠠᠨ ᠤ ᠤᠯᠤᠰ ᠤᠨ | ᠦᠨᠳᠦᠰᠦᠲᠡᠨ ᠨᠦᠭᠦᠳ ᠬᠤᠭᠤᠷᠤᠨᠲᠤ ᠪᠠᠨ ᠰᠤᠶᠤᠯ ᠢᠷᠭᠡᠨᠰᠢᠯ ᠢᠶᠠᠨ ᠬᠠᠷᠢᠯᠴᠠᠨ ᠰᠤᠷᠤᠯᠴᠠᠵᠤ᠂ ᠬᠠᠷᠢᠯᠴᠠᠨ | ᠮᠡᠲᠡᠯᠴᠡᠵᠦ᠂ ᠬᠠᠷᠢᠯᠴᠠᠨ ᠪᠠᠭᠷᠬᠠᠨ ᠠᠨᠠᠷ ᠤᠨ ᠦᠷ᠎ᠡ ᠰᠢᠭ ᠢᠶᠠᠷ ᠨᠢᠬᠲᠠᠷᠠᠨ ᠪᠦᠯᠬᠦᠮᠲᠡᠵᠦ ᠲᠤᠮᠲᠠᠲᠤ ᠶᠢᠨ | ᠦᠨᠳᠦᠰᠦᠲᠡᠨ ᠤ ᠨᠡᠢᠲᠡᠯᠢᠭ ᠤᠬᠠᠮᠰᠠᠷ ᠢ ᠪᠤᠢ ᠪᠤᠯᠭᠠᠨ ᠪᠦᠷᠢᠯᠲᠦᠬᠦᠯᠬᠦ ᠳᠤ ᠲᠦᠢᠯ ᠤᠨ ᠠᠴᠢ ᠲᠤᠰᠠᠲᠠᠢ ᠠᠵᠢᠯ | ᠪᠤᠯᠬᠤ ᠶᠤᠮ᠃ ᠤᠨᠴᠠᠭᠠᠢᠯᠠᠨ ᠨᠠᠮ ᠵᠠᠰᠠᠭ ᠤᠨ ᠪᠠᠢᠭᠤᠯᠭ᠎ᠠ ᠶᠢᠨ ᠤᠷᠴᠢᠭᠤᠯᠭ᠎ᠠ ᠶᠢᠨ ᠠᠵᠢᠯ ᠪᠤᠯ ᠨᠠᠮ ᠵᠠᠰᠠᠭ ᠠᠴᠠ | ᠴᠦᠬᠡᠨ ᠲᠤᠭᠠᠲᠤ ᠦᠨᠳᠦᠰᠦᠲᠡᠨ ᠲᠠᠢ ᠬᠠᠷᠢᠯᠴᠠᠵᠤ ᠬᠤᠯᠪᠤᠭᠲᠠᠬᠤ ᠴᠢᠬᠤᠯᠠ ᠬᠦᠬᠦᠷᠭᠡ ᠬᠤᠯᠪᠤᠭᠠᠰᠤ ᠮᠦᠨ | ᠭᠡᠵᠡᠢ᠃ | ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠠᠬᠢᠷᠤᠯ ᠭᠡᠷᠡᠯᠲᠦ᠂ ᠬᠦᠬᠡᠬᠤᠲᠠ | ᠦᠨᠳᠦᠰᠦᠲᠡᠨ ᠤ ᠲᠡᠭᠡᠳᠦ ᠰᠤᠷᠭᠠᠭᠤᠯᠢ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠲᠤᠨ ᠪᠤᠯᠤᠨ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠬᠠᠮᠲᠤᠷᠠᠨ ᠪᠠᠢᠭᠤᠯᠵᠤ | ᠪᠦᠬᠦᠢ ᠶᠡᠭᠡ ᠲᠡᠭᠡᠳᠦ ᠰᠤᠷᠭᠠᠭᠤᠯᠢ᠂ ᠮᠦᠨ ᠴᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠭᠤᠤᠯᠲᠠᠯᠭ᠎ᠠ ᠲᠠᠢ ᠪᠦᠲᠦᠭᠡᠨ ᠪᠠᠢᠭᠤᠯᠵᠤ ᠪᠠᠢᠭ᠎ᠠ ᠶᠡᠭᠡ ᠲᠡᠭᠡᠳᠦ ᠰᠤᠷᠭᠠᠭᠤᠯᠢ ᠪᠤᠯᠬᠤ ᠶᠤᠮ᠃ ᠮᠠᠨ ᠤ ᠤᠯᠤᠰ ᠤᠨ | ᠴᠦᠬᠡᠨ ᠲᠤᠭᠠᠲᠤ ᠦᠨᠳᠦᠰᠦᠲᠡᠨ ᠤ ᠤᠷᠤᠨ ᠤ ᠭᠠᠵᠠᠷ ᠲᠤ ᠨᠡᠯᠢᠶᠡᠳ ᠡᠷᠲᠡ ᠪᠠᠢᠭᠤᠯᠤᠭᠲᠠᠭᠰᠠᠨ ᠮᠤᠩᠭᠤᠯ | ᠬᠡᠯᠡᠨ ᠤ ᠤᠷᠴᠢᠭᠤᠯᠭ᠎ᠠ ᠶᠢᠨ ᠲᠤᠰᠬᠠᠢ ᠮᠡᠷᠭᠡᠵᠢᠯ ᠲᠠᠢ ᠶᠡᠭᠡ ᠲᠡᠭᠡᠳᠦ ᠰᠤᠷᠭᠠᠭᠤᠯᠢ ᠶᠢᠨ ᠨᠢᠭᠡ ᠪᠤᠯᠤᠨ᠎ᠠ᠃ | ᠰᠤᠷᠭᠠᠭᠤᠯᠢ ᠪᠠᠢᠭᠤᠯᠤᠭᠲᠠᠭᠰᠠᠨ 66 ᠵᠢᠯ ᠤᠨ ᠲᠤᠷᠰᠢᠲᠠ ᠬᠢᠲᠠᠳ ᠮᠤᠩᠭᠤᠯ ᠤᠷᠴᠢᠭᠤᠯᠭ᠎ᠠ ᠶᠢᠨ ᠲᠤᠰᠬᠠᠢ | ᠮᠡᠷᠭᠡᠵᠢᠯ ᠨᠢ ᠢᠯᠡ ᠲᠤᠲᠤ ᠤᠨᠴᠠᠯᠢᠭ ᠲᠠᠢ ᠲᠤᠰᠬᠠᠢ ᠮᠡᠷᠭᠡᠵᠢᠯ ᠪᠤᠯᠵᠤ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠲᠡᠲᠦᠢ ᠦᠭᠡᠢ ᠮᠤᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠭᠠᠨ ᠤ ᠨᠠᠢᠮᠠᠨ ᠮᠤᠵᠢ | ᠤᠷᠤᠨ ᠤ ᠡᠳ᠋ ᠤᠨ ᠵᠠᠰᠠᠭ ᠨᠡᠶᠢᠭᠡᠮ ᠤᠨ ᠪᠠᠢᠭᠤᠯᠤᠯᠲᠠ᠂ ᠦᠨᠳᠦᠰᠦᠲᠡᠨ ᠤ ᠰᠤᠶᠤᠯ ᠤᠷᠠᠯᠢᠭ ᠤᠨ ᠵᠠᠯᠭᠠᠮᠵᠢᠯᠠᠯ᠂ | ᠦᠨᠳᠦᠰᠦᠲᠡᠨ ᠬᠤᠭᠤᠷᠤᠨᠲᠤ ᠶᠢᠨ ᠰᠤᠶᠤᠯ ᠤᠨ ᠨᠡᠪᠲᠡᠷᠡᠯᠴᠡᠯ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠳᠤ | ᠮᠤᠩᠭᠤᠯ ᠬᠢᠲᠠᠳ ᠬᠡᠯᠡᠨ ᠳᠤ ᠴᠠᠭᠠᠷᠠᠭᠰᠠᠨ ᠮᠠᠰᠢ ᠤᠯᠠᠨ ᠴᠢᠲᠠᠪᠤᠷᠢᠲᠠᠨ ᠢ ᠬᠦᠮᠦᠵᠢᠬᠦᠯᠦᠨ ᠦᠭᠴᠡᠢ᠃ ᠡᠷᠲᠡᠮ | ᠰᠢᠨᠵᠢᠯᠡᠭᠡᠨ ᠤ ᠬᠤᠷᠠᠯ ᠢᠶᠠᠷ ᠰᠢᠨ᠎ᠡ ᠲᠤᠮᠲᠠᠲᠤ ᠤᠯᠤᠰ ᠪᠠᠢᠭᠤᠯᠤᠭᠲᠠᠭᠰᠠᠨ ᠠᠴᠠ ᠨᠠᠭᠠᠰᠢᠬᠢ ᠠᠮᠵᠢᠯᠲᠠ ᠪᠦᠲᠦᠮᠵᠢ | ᠲᠤᠷᠰᠢᠯᠭ᠎ᠠ ᠰᠤᠷᠭᠠᠮᠵᠢ ᠪᠠᠨ ᠡᠷᠭᠢᠴᠡᠬᠦᠯᠬᠦ ᠶᠢᠨ ᠬᠠᠮᠲᠤ ᠰᠢᠨ᠎ᠡ ᠤᠨᠤᠯ᠂ ᠰᠢᠨ᠎ᠡ ᠮᠡᠲᠡᠯᠭᠡ᠂ ᠰᠢᠨ᠎ᠡ ᠰᠡᠳᠬᠢᠮᠵᠢ᠂ | ᠰᠢᠨ᠎ᠡ ᠠᠷᠭ᠎ᠠ ᠤᠯᠤᠨ ᠰᠢᠨ᠎ᠡ ᠴᠠᠭ ᠦᠶ᠎ᠠ ᠶᠢᠨ ᠮᠤᠩᠭᠤᠯ ᠬᠡᠯᠡᠨ ᠤ ᠤᠷᠴᠢᠭᠤᠯᠭ᠎ᠠ ᠶᠢᠨ ᠰᠢᠨ᠎ᠡ ᠬᠠᠭᠤᠲᠠᠰᠤ ᠶᠢ | ᠬᠠᠮᠲᠤ ᠪᠠᠷ ᠪᠢᠴᠢᠭᠯᠡᠬᠦ ᠪᠤᠯᠤᠨ᠎ᠠ ᠭᠡᠵᠡᠢ᠃ | ᠤᠭ ᠡᠷᠲᠡᠮ ᠰᠢᠨᠵᠢᠯᠡᠭᠡᠨ ᠤ ᠬᠤᠷᠠᠯ ᠤᠨ ᠦᠶ᠎ᠠ ᠪᠠᠷ ᠪᠠᠰᠠ ᠬᠦᠬᠡᠬᠤᠲᠠ ᠦᠨᠳᠦᠰᠦᠲᠡᠨ ᠤ ᠲᠡᠭᠡᠳᠦ | ᠰᠤᠷᠭᠠᠭᠤᠯᠢ ᠶᠢᠨ ᠤᠷᠴᠢᠭᠤᠯᠭ᠎ᠠ ᠶᠢᠨ ᠲᠡᠭᠡᠳᠦ ᠰᠤᠷᠭᠠᠭᠤᠯᠢ ᠪᠠᠢᠭᠤᠯᠤᠭᠲᠠᠵᠤ ᠠᠯᠪᠠᠨ ᠶᠤᠰᠤᠭᠠᠷ ᠫᠠᠢᠰᠠ ᠡᠯᠬᠦᠪᠡ᠃ | | | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠯᠡᠭᠡᠨ ᠤ ᠲᠡᠳ᠋ ᠲᠡᠷᠢᠬᠦᠯᠡᠭᠴᠢ | ᠯᠦᠸᠧ ᡁᠢ ᠬᠤ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ | ᠰᠦᠨ ᠭᠦᠸᠧ ᠴᠢᠤᠧᠠᠨ ᠠᠴᠠ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠤᠷᠴᠢᠭᠤᠯᠭ᠎ᠠ ᠶᠢᠨ | ᠲᠡᠭᠡᠳᠦ ᠰᠤᠷᠭᠠᠭᠤᠯᠢ ᠶᠢᠨ ᠫᠠᠶᠢᠰᠠ ᠶᠢ ᠰᠡᠬᠦᠪᠡ | ᠠᠩᠬᠠᠲᠤᠭᠠᠷ ᠬᠤᠭᠤᠴᠠᠭᠠᠨ ᠤ ᠮᠤᠩᠭᠤᠯ ᠤᠷᠴᠢᠭᠤᠯᠭ᠎ᠠ ᠶᠢᠨ ᠡᠷᠲᠡᠮ ᠰᠢᠨᠵᠢᠯᠡᠭᠡᠨ ᠤ ᠬᠤᠷᠠᠯ ᠳᠤ ᠦᠪᠦᠷ | ᠮᠤᠩᠭᠤᠯ᠂ ᠰᠢᠨᠵᠢᠶᠠᠩ᠂ ᠬᠦᠬᠡᠨᠠᠭᠤᠷ᠂ ᠭᠠᠨᠰᠤ᠂ ᠯᠢᠶᠤᠤᠨᠢᠩ᠂ ᠭᠢᠷᠢᠨ᠂ ᠬᠠᠷᠠᠮᠦ᠋ᠷᠡᠨ᠂ ᠪᠡᠭᠡᠵᠢᠩ ᠵᠡᠷᠭᠡ ᠭᠠᠵᠠᠷ | ᠤᠷᠤᠨ ᠤ ᠠᠯᠪᠠᠨ ᠪᠠᠢᠭᠤᠯᠭ᠎ᠠ᠂ ᠶᠡᠭᠡ ᠲᠡᠭᠡᠳᠦ ᠰᠤᠷᠭᠠᠭᠤᠯᠢ᠂ ᠬᠡᠪᠯᠡᠯ ᠮᠡᠲᠡᠭᠡᠯᠡᠯ ᠤᠨ ᠪᠠᠢᠭᠤᠯᠭ᠎ᠠ ᠵᠡᠷᠭᠡ | ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠡᠷᠲᠡᠮᠲᠡᠨ᠂ ᠰᠤᠲᠤᠯᠤᠭᠠᠴᠢ᠂ ᠤᠷᠴᠢᠭᠤᠯᠤᠭᠴᠢ᠂ | ᠨᠠᠢᠷᠠᠭᠤᠯᠤᠭᠴᠢᠳ ᠠᠴᠠ ᠮᠤᠩᠭᠤᠯ ᠬᠡᠯᠡᠨ ᠤ ᠤᠷᠴᠢᠭᠤᠯᠭ᠎ᠠ ᠶᠢᠨ ᠲᠤᠭᠤᠷᠢᠨ ᠳᠤ ᠦᠵᠡᠯ ᠪᠤᠲᠤᠯ ᠢᠶᠠᠨ ᠰᠤᠯᠢᠯᠴᠠᠨ | ᠮᠤᠩᠭᠤᠯ ᠤᠷᠴᠢᠭᠤᠯᠭ᠎ᠠ ᠲᠠᠢ ᠬᠤᠯᠪᠤᠭᠲᠠᠭᠰᠠᠨ ᠠᠰᠠᠭᠤᠲᠠᠯ ᠤᠨ ᠲᠤᠭᠤᠷᠢᠨ ᠳᠤ ᠶᠠᠷᠢᠯᠴᠠᠨ᠎ᠠ᠃ ᠡᠨᠡ ᠬᠤᠷᠠᠯ 9 | ᠰᠠᠷ᠎ᠠ ᠶᠢᠨ 28 ᠤ ᠡᠲᠦᠷ ᠠᠴᠠ 29 ᠤ ᠡᠲᠦᠷ ᠪᠤᠯᠲᠠᠯ᠎ᠠ ᠶᠠᠪᠤᠭᠲᠠᠨ᠎ᠠ᠃ | | ᠬᠤᠷᠠᠯ ᠤᠨ ᠲᠠᠯᠠᠪᠠᠢ | ᠦᠪᠦᠷ ᠮᠤᠩᠭᠤᠯ ᠤᠨ ᠮᠤᠩᠭᠤᠯ ᠤᠷᠴᠢᠭᠤᠯᠭ᠎ᠠ ᠶᠢᠨ ᠨᠡᠢᠭᠡᠮᠯᠢᠭ ᠨᠢ 2018 ᠤᠨ ᠤ 7 ᠰᠠᠷ᠎ᠠ ᠶᠢᠨ | 30 ᠤ ᠡᠲᠦᠷ ᠪᠠᠶᠢᠭᠤᠯᠤᠭᠳᠠᠪᠠ᠃ ᠲᠤᠰ ᠨᠡᠢᠭᠡᠮᠯᠢᠭ ᠨᠢ ᠦᠪᠦᠷ ᠮᠤᠩᠭᠤᠯ ᠤᠨ ᠡᠯ᠎ᠡ ᠦᠨᠳᠦᠰᠦᠲᠡᠨ ᠤ | ᠤᠷᠴᠢᠭᠤᠯᠤᠭᠴᠢᠳ ᠪᠠ ᠤᠷᠴᠢᠭᠤᠯᠭ᠎ᠠ ᠶᠢᠨ ᠠᠵᠢᠯᠲᠠᠳ ᠤᠨ ᠰᠠᠶᠢᠨ ᠲᠤᠷ᠎ᠠ ᠠᠴᠠ ᠪᠠᠨ ᠬᠤᠯᠪᠤᠭᠠᠯᠠᠨ | ᠪᠦᠷᠢᠯᠲᠦᠭᠰᠡᠨ ᠲᠤᠰᠬᠠᠢ ᠮᠡᠷᠭᠡᠵᠢᠯ ᠤᠨ ᠴᠢᠨᠠᠷ ᠲᠠᠢ᠂ ᠡᠷᠲᠡᠮ ᠰᠢᠨᠵᠢᠯᠡᠭᠡᠨ ᠤ ᠴᠢᠨᠠᠷ ᠲᠠᠢ᠂ ᠲᠤᠬᠠᠢᠯᠠᠭᠰᠠᠨ | ᠠᠵᠢᠯ ᠤᠨ ᠴᠢᠨᠠᠷ ᠲᠠᠢ᠂ ᠠᠰᠢᠭ ᠤᠨ ᠪᠤᠰᠤ ᠨᠡᠶᠢᠭᠡᠮ ᠤᠨ ᠵᠤᠬᠢᠶᠠᠨ ᠪᠠᠢᠭᠤᠯᠤᠯᠲᠠ ᠪᠤᠯᠬᠤ ᠶᠤᠮ᠃ ᠨᠡᠢᠭᠡᠮᠯᠢᠭ ᠨᠢ | ᠡᠯ᠎ᠡ ᠲᠦᠷᠦᠯ ᠤᠨ ᠬᠡᠯᠡᠨ ᠤ ᠦᠰᠦᠭ ᠪᠢᠴᠢᠭ ᠤᠨ ᠤᠷᠴᠢᠭᠤᠯᠭ᠎ᠠ᠂ ᠤᠷᠴᠢᠭᠤᠯᠭ᠎ᠠ ᠶᠢᠨ ᠰᠤᠲᠤᠯᠭᠠᠨ ᠪᠠ | ᠤᠷᠴᠢᠭᠤᠯᠭ᠎ᠠ ᠶᠢᠨ ᠵᠢᠭᠠᠨ ᠰᠤᠷᠭᠠᠯᠲᠠ ᠶᠢᠨ ᠲᠤᠭᠤᠷᠢᠨ ᠳᠤ ᠠᠵᠢᠯ ᠦᠷᠨᠢᠬᠦᠯᠵᠦ᠂ ᠦᠪᠦᠷ ᠮᠤᠩᠭᠤᠯ ᠤᠨ | ᠤᠷᠴᠢᠭᠤᠯᠭ᠎ᠠ ᠶᠢᠨ ᠤᠬᠠᠭᠠᠨ ᠤ ᠴᠢᠬᠤᠯᠠ ᠤᠨᠤᠯ ᠪᠠ ᠪᠤᠲᠠᠲᠠᠢ ᠠᠰᠠᠭᠤᠲᠠᠯ ᠢ ᠢᠲᠡᠪᠬᠢᠲᠡᠢ ᠰᠤᠲᠤᠯᠵᠤ᠂ | ᠰᠢᠯᠢᠲᠡᠭ ᠤᠷᠴᠢᠭᠤᠯᠭ᠎ᠠ ᠶᠢᠨ ᠡᠩᠨᠡᠭᠡ ᠪᠠ ᠰᠤᠲᠤᠯᠭᠠᠨ ᠤ ᠴᠢᠲᠠᠪᠤᠷᠢᠲᠠᠨ ᠢ ᠬᠦᠮᠦᠵᠢᠬᠦᠯᠬᠦ ᠪᠤᠯᠤᠨ᠎ᠠ᠃ |