9 ᠳ᠋ᠦ᠋ᠭᠡᠷ ᠰᠠᠷ᠎ᠠ ᠶᠢᠨ 28 ᠤ ᠡᠳᠦᠷ᠂ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠱᠤᠭᠤᠮᠠᠯ | ᠬᠥᠷᠥᠭ ᠢ ᠪᠣᠰᠬᠠᠬᠤ ᠶᠣᠰᠣᠯᠠᠯ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠳᠤᠷᠠᠰᠬᠠᠯ ᠤᠨ ᠣᠷᠳᠣᠨ ᠳᠤ | ᠶᠠᠪᠤᠭᠳᠠᠪᠠ᠃ | ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠶᠣᠰᠣᠯᠠᠯ ᠳᠤ ᠣᠷᠣᠯᠴᠠᠪᠠ᠃ | ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠬᠠᠭᠤᠴᠢᠨ ᠰᠠᠭᠤᠴᠠ ᠶᠢ 1857 ᠣᠨ ︵ᠲᠦᠭᠡᠮᠡᠯ | ᠡᠯᠪᠡᠭᠲᠦ ᠶᠢᠨ ᠳᠣᠯᠣᠳᠤᠭᠠᠷ ᠣᠨ︶ ᠳᠤ ᠪᠠᠶᠢᠭᠤᠯᠵᠤ᠂ ᠳ᠋ᠥᠸᠧ ᠰᠦᠩ ᠨᠢᠶᠠᠨ 1905 ᠣᠨ ᠳᠤ ᠡᠨᠡ ᠭᠠᠵᠠᠷ | ᠲᠥᠷᠥᠭᠰᠡᠨ ᠪᠠᠶᠢᠨ᠎ᠠ᠃ 1996 ᠣᠨ ᠤ 5 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯ ᠤᠨ ᠬᠠᠮᠠᠭᠠᠯᠠᠬᠤ ᠨᠢᠭᠡᠴᠡ ᠪᠠᠷ ᠨᠡᠶᠢᠲᠡᠯᠡᠭᠰᠡᠨ ᠪᠠᠶᠢᠨ᠎ᠠ᠃ 2011 | ᠣᠨ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ | ᠴᠣᠬᠤᠯᠠᠪᠤᠷᠢᠯᠠᠨ ᠬᠠᠷᠢᠭᠤᠯᠤᠭᠰᠠᠨ ᠢᠶᠠᠷ᠂ ᠦᠷᠡᠭᠳᠡᠭᠰᠡᠨ ᠪᠠᠭᠠᠲᠤᠷ ᠤᠨ ᠬᠠᠭᠤᠴᠢᠨ ᠰᠠᠭᠤᠴᠠ ᠶᠢ ᠪᠡᠯᠡᠳᠬᠡᠨ | ᠪᠠᠶᠢᠭᠤᠯᠬᠤ ᠶᠢᠨ ᠰᠠᠭᠤᠷᠢᠨ ᠳᠡᠭᠡᠷ᠎ᠡ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠳᠤᠷᠠᠰᠬᠠᠯ ᠤᠨ | ᠣᠷᠳᠣᠨ ᠢ ᠪᠠᠶᠢᠭᠤᠯᠵᠤ᠂ ᠰᠤᠷᠭᠠᠨ ᠬᠥᠮᠥᠵᠢᠯ᠂ ᠦᠵᠡᠭᠦᠯᠭᠡ ᠵᠡᠷᠭᠡ ᠴᠢᠳᠠᠮᠵᠢᠲᠠᠢ ᠲᠠᠯᠠᠪᠤᠷ ᠢ ᠨᠡᠮᠡᠵᠡᠢ᠃ | ᠣᠳᠣᠬᠠᠨ ᠳᠤ᠂ ᠦᠷᠡᠭᠳᠡᠭᠰᠡᠨ ᠪᠠᠭᠠᠲᠤᠷ ᠳ᠋ᠥᠸᠧ ᠰᠦᠩ ᠨᠢᠶᠠᠨ ᠤ ᠳᠤᠷᠠᠰᠬᠠᠯ ᠤᠨ ᠣᠷᠳᠣᠨ ᠨᠢ ᠬᠠᠭᠤᠴᠢᠨ | ᠰᠠᠭᠤᠴᠠ ᠶᠢ ᠪᠠᠭᠲᠠᠭᠠᠭᠠᠳ 1356 ᠲᠡᠭᠰᠢ ᠳᠥᠷᠪᠡᠯᠵᠢᠨ ᠮᠧᠲᠷ ᠲᠠᠯᠠᠪᠠᠢ ᠡᠵᠡᠯᠡᠵᠦ᠂ ᠬᠥᠬᠡᠬᠤᠲᠠ ᠶᠢᠨ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠥᠵᠢᠯ ᠤᠨ ᠴᠢᠬᠤᠯᠠ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠰᠢᠨ᠎ᠡ | ᠬᠤᠲᠠ ᠲᠣᠭᠤᠷᠢᠭ ᠤᠨ ᠴᠢᠬᠡᠴᠢ ᠵᠠᠰᠠᠭ ᠤᠨ ᠬᠥᠮᠥᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠭᠰᠠᠨ | ᠪᠠᠶᠢᠨ᠎ᠠ᠃ | ᠶᠣᠰᠣᠯᠠᠯ ᠤᠨ ᠳᠠᠷᠠᠭ᠎ᠠ᠂ ᠬᠦᠷᠦᠯᠴᠡᠨ ᠢᠷᠡᠭᠰᠡᠨ ᠪᠦᠬᠦ ᠵᠣᠴᠢᠳ ᠦᠷᠡᠭᠳᠡᠭᠰᠡᠨ ᠪᠠᠭᠠᠲᠤᠷ ᠳ᠋ᠥᠸᠧ ᠰᠦᠩ | ᠨᠢᠶᠠᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ︽ᠨᠢᠭᠡ ᠦᠶ᠎ᠡ ᠶᠢᠨ︾ ᠳ᠋ᠥᠸᠧ ᠰᠦᠩ ᠨᠢᠶᠠᠨ ᠤ | ᠨᠢᠭᠡ ᠨᠠᠰᠤᠨ ᠤ ᠦᠢᠯᠡ ᠠᠵᠢᠯᠯᠠᠭ᠎ᠠ ᠶᠢᠨ ᠦᠵᠡᠭᠦᠯᠭᠡ ᠶᠢ ᠦᠵᠡᠪᠡ᠃ |