ᠨᠠᠢᠮᠠᠨ ᠮᠤᠵᠢ ᠤᠷᠤᠨ ᠤ ᠠᠩᠬᠠᠲᠤᠭᠠᠷ ᠬᠤᠭᠤᠴᠠᠭᠠᠨ ᠤ ᠮᠤᠩᠭᠤᠯ ᠤᠷᠴᠢᠭᠤᠯᠭ᠎ᠠ ᠶᠢᠨ ᠡᠷᠲᠡᠮ ᠰᠢᠨᠵᠢᠯᠡᠭᠡᠨ ᠤ ᠬᠤᠷᠠᠯ ᠬᠦᠬᠡᠬᠤᠲᠠ ᠳᠤ ᠪᠤᠯᠪᠠ
ᠨᠡᠶᠢᠲᠡᠯᠡᠭᠰᠡᠨ ᠴᠠᠭ᠄
2019/9/30
      ᠰᠢᠨᠬᠤᠧᠠ ᠮᠤᠩᠭᠤᠯ ᠨᠧᠲ ᠬᠦᠬᠡᠬᠤᠲᠠ ᠶᠢᠨ 9 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ︶ ᠨᠠᠢᠮᠠᠨ ᠮᠤᠵᠢ ᠤᠷᠤᠨ ᠤ ᠠᠩᠬᠠᠲᠤᠭᠠᠷ ᠬᠤᠭᠤᠴᠠᠭᠠᠨ ᠤ ᠮᠤᠩᠭᠤᠯ ᠤᠷᠴᠢᠭᠤᠯᠭ᠎ᠠ ᠶᠢᠨ ᠡᠷᠲᠡᠮ ᠰᠢᠨᠵᠢᠯᠡᠭᠡᠨ ᠤ ᠬᠤᠷᠠᠯ 9 ᠰᠠᠷ᠎ᠠ ᠶᠢᠨ 28 ᠤ ᠡᠲᠦᠷ ᠲᠤ ᠬᠦᠬᠡᠬᠤᠲᠠ ᠳᠤ ᠡᠬᠢᠯᠡᠪᠡ᠃
ᠨᠡᠬᠡᠬᠡᠯᠲᠡ ᠶᠢᠨ ᠶᠤᠰᠤᠯᠠᠯ      ᠰᠢᠨ᠎ᠡ ᠲᠤᠮᠲᠠᠲᠤ ᠤᠯᠤᠰ ᠪᠠᠢᠭᠤᠯᠤᠭᠲᠠᠭᠰᠠᠨ ᠠᠴᠠ ᠨᠠᠭᠠᠰᠢᠬᠢ ᠮᠤᠩᠭᠤᠯ ᠤᠷᠴᠢᠭᠤᠯᠭ᠎ᠠ ᠶᠢᠨ ᠠᠮᠵᠢᠯᠲᠠ ᠪᠦᠲᠦᠮᠵᠢ ᠶᠢ ᠳ᠋ᠦᠩᠨᠡᠵᠦ ᠮᠤᠩᠭᠤᠯ ᠬᠡᠯᠡᠨ ᠤ ᠤᠷᠴᠢᠭᠤᠯᠭ᠎ᠠ ᠶᠢᠨ ᠭᠤᠤᠯᠲᠠᠯᠭᠠᠲᠤ ᠰᠠᠭᠤᠷᠢᠨ ᠤ ᠪᠦᠲᠦᠭᠡᠨ ᠪᠠᠢᠭᠤᠯᠤᠯᠲᠠ ᠶᠢ ᠠᠬᠢᠭᠤᠯᠬᠤ ᠵᠤᠷᠢᠯᠭ᠎ᠠ ᠲᠠᠢ ᠡᠨᠡ ᠬᠦ ᠡᠷᠲᠡᠮ ᠰᠢᠨᠵᠢᠯᠡᠭᠡᠨ ᠤ ᠬᠤᠷᠠᠯ ᠨᠢ ᠲᠤᠮᠲᠠᠲᠤ ᠤᠯᠤᠰ ᠤᠨ ᠤᠷᠴᠢᠭᠤᠯᠤᠭᠴᠢᠳ ᠤᠨ ᠨᠡᠢᠭᠡᠮᠯᠢᠭ ᠤᠨ ᠦᠨᠳᠦᠰᠦᠲᠡᠨ ᠤ ᠬᠡᠯᠡ ᠪᠢᠴᠢᠭ ᠤᠨ ᠤᠷᠴᠢᠭᠤᠯᠭ᠎ᠠ ᠶᠢᠨ ᠵᠦᠪᠯᠡᠯ᠂ ᠦᠪᠦᠷ ᠮᠤᠩᠭᠤᠯ ᠤᠨ ᠮᠤᠩᠭᠤᠯ ᠤᠷᠴᠢᠭᠤᠯᠤᠭᠴᠢᠳ ᠤᠨ ᠨᠡᠢᠭᠡᠮᠯᠢᠭ ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠠᠴᠠ ᠰᠠᠨᠠᠭᠠᠴᠢᠯᠠᠨ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠮᠤᠩᠭᠤᠯ ᠰᠤᠲᠤᠯᠤᠯ ᠤᠨ ᠲᠡᠭᠡᠳᠦ ᠰᠤᠷᠭᠠᠭᠤᠯᠢ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠤᠷᠴᠢᠭᠤᠯᠭ᠎ᠠ ᠶᠢᠨ ᠲᠡᠭᠡᠳᠦ ᠰᠤᠷᠭᠠᠭᠤᠯᠢ ᠠᠴᠠ ᠵᠤᠬᠢᠶᠠᠨ ᠶᠠᠪᠤᠭᠲᠠᠭᠤᠯᠤᠭᠰᠠᠨ ᠶᠤᠮ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠲᠡᠳ᠋ ᠡᠷᠬᠢᠯᠡᠭᠴᠢ ᠰᠠᠴᠤᠷᠠᠯᠲᠤ ᠬᠡᠯᠡᠬᠦ ᠳᠡᠭᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠢᠭᠤᠯᠤᠭᠲᠠᠭᠰᠠᠨ ᠠᠴᠠ ᠨᠠᠭᠠᠰᠢᠬᠢ ᠲᠠᠯᠠᠭᠠᠳ ᠵᠢᠯ ᠤᠨ ᠲᠤᠷᠰᠢ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠲᠠᠯ ᠤᠨ ᠬᠤᠷᠢᠶᠠᠨ ᠤ ᠵᠦᠪ ᠤᠨᠤᠪᠴᠢᠲᠠᠢ ᠤᠲᠤᠷᠢᠲᠤᠯᠭ᠎ᠠ ᠲᠤᠤᠷ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤᠨ ᠨᠠᠮ ᠤᠨ ᠬᠤᠷᠢᠶ᠎ᠠ ᠵᠠᠰᠠᠭ ᠤᠨ ᠤᠷᠲᠤᠨ ᠠᠴᠠ ᠦᠨᠳᠦᠰᠦᠲᠡᠨ ᠤ ᠬᠡᠯᠡ ᠪᠢᠴᠢᠭ ᠤᠨ ᠲᠤᠬᠠᠢ ᠨᠠᠮ ᠤᠨ ᠲᠦᠷᠦ ᠶᠢᠨ ᠪᠤᠲᠤᠯᠭ᠎ᠠ ᠪᠠ ᠤᠯᠤᠰ ᠤᠨ ᠬᠠᠦᠯᠢ ᠲᠤᠭᠲᠠᠭᠠᠯ ᠢ ᠭᠦᠨᠵᠡᠭᠡᠢ ᠨᠠᠢᠲᠠᠪᠤᠷᠢᠵᠢᠭᠤᠯᠤᠨ ᠮᠤᠩᠭᠤᠯ ᠬᠡᠯᠡᠨ ᠤ ᠤᠷᠴᠢᠭᠤᠯᠭ᠎ᠠ ᠶᠢᠨ ᠠᠵᠢᠯ ᠢ ᠬᠦᠨᠳᠦᠳᠭᠡᠨ ᠦᠵᠡᠵᠦ ᠠᠯᠢ ᠤᠯᠠᠨ ᠪᠦᠲᠦᠮᠵᠢᠲᠡᠢ ᠠᠷᠭ᠎ᠠ ᠪᠤᠲᠤᠯᠭ᠎ᠠ ᠶᠢ ᠬᠡᠷᠡᠭᠵᠢᠬᠦᠯᠵᠦ ᠢᠯᠡᠷᠬᠡᠢ ᠠᠮᠵᠢᠯᠲᠠ ᠪᠦᠲᠦᠮᠵᠢ ᠤᠯᠤᠭᠰᠠᠨ ᠪᠠᠢᠨ᠎ᠠ᠃ ᠤᠷᠴᠢᠭᠤᠯᠭ᠎ᠠ ᠶᠢᠨ ᠠᠵᠢᠯ ᠨᠢ ᠲᠡᠯᠡᠬᠡᠢ ᠶᠢᠨ ᠪᠤᠰᠤᠳ ᠲᠠᠪᠰᠢᠭᠰᠠᠨ ᠰᠤᠶᠤᠯ ᠲᠠᠢ ᠲᠠᠨᠢᠯᠴᠠᠨ᠂ ᠰᠢᠨ᠎ᠡ ᠰᠢᠨᠵᠢᠯᠡᠬᠦ ᠤᠬᠠᠭᠠᠨ ᠲᠧᠭᠨᠤᠯᠤᠬᠢ ᠶᠢ ᠰᠤᠷᠤᠯᠴᠠᠨ ᠡᠵᠡᠮᠰᠢᠵᠦ ᠲᠡᠯᠡᠬᠡᠢ ᠶᠢᠨ ᠲᠡᠷᠢᠬᠦᠨ ᠤ ᠲᠦᠪᠰᠢᠨ ᠲᠠᠢ ᠤᠢᠷᠠᠲᠤᠯᠴᠠᠬᠤ ᠪᠠ ᠦᠪᠡᠷ ᠤᠨ ᠢᠶᠠᠨ ᠲᠡᠯᠡᠬᠡᠢ ᠳᠤ ᠲᠠᠨᠢᠭᠤᠯᠬᠤ ᠴᠢᠬᠤᠯᠠ ᠠᠷᠭ᠎ᠠ ᠵᠠᠮ ᠶᠤᠮ᠃ ᠪᠠᠰᠠ ᠮᠠᠨ ᠤ ᠤᠯᠤᠰ ᠤᠨ ᠦᠨᠳᠦᠰᠦᠲᠡᠨ ᠨᠦᠭᠦᠳ ᠬᠤᠭᠤᠷᠤᠨᠲᠤ ᠪᠠᠨ ᠰᠤᠶᠤᠯ ᠢᠷᠭᠡᠨᠰᠢᠯ ᠢᠶᠠᠨ ᠬᠠᠷᠢᠯᠴᠠᠨ ᠰᠤᠷᠤᠯᠴᠠᠵᠤ᠂ ᠬᠠᠷᠢᠯᠴᠠᠨ ᠮᠡᠲᠡᠯᠴᠡᠵᠦ᠂ ᠬᠠᠷᠢᠯᠴᠠᠨ ᠪᠠᠭᠷᠬᠠᠨ ᠠᠨᠠᠷ ᠤᠨ ᠦᠷ᠎ᠡ ᠰᠢᠭ ᠢᠶᠠᠷ ᠨᠢᠬᠲᠠᠷᠠᠨ ᠪᠦᠯᠬᠦᠮᠲᠡᠵᠦ ᠲᠤᠮᠲᠠᠲᠤ ᠶᠢᠨ ᠦᠨᠳᠦᠰᠦᠲᠡᠨ ᠤ ᠨᠡᠢᠲᠡᠯᠢᠭ ᠤᠬᠠᠮᠰᠠᠷ ᠢ ᠪᠤᠢ ᠪᠤᠯᠭᠠᠨ ᠪᠦᠷᠢᠯᠲᠦᠬᠦᠯᠬᠦ ᠳᠤ ᠲᠦᠢᠯ ᠤᠨ ᠠᠴᠢ ᠲᠤᠰᠠᠲᠠᠢ ᠠᠵᠢᠯ ᠪᠤᠯᠬᠤ ᠶᠤᠮ᠃ ᠤᠨᠴᠠᠭᠠᠢᠯᠠᠨ ᠨᠠᠮ ᠵᠠᠰᠠᠭ ᠤᠨ ᠪᠠᠢᠭᠤᠯᠭ᠎ᠠ ᠶᠢᠨ ᠤᠷᠴᠢᠭᠤᠯᠭ᠎ᠠ ᠶᠢᠨ ᠠᠵᠢᠯ ᠪᠤᠯ ᠨᠠᠮ ᠵᠠᠰᠠᠭ ᠠᠴᠠ ᠴᠦᠬᠡᠨ ᠲᠤᠭᠠᠲᠤ ᠦᠨᠳᠦᠰᠦᠲᠡᠨ ᠲᠠᠢ ᠬᠠᠷᠢᠯᠴᠠᠵᠤ ᠬᠤᠯᠪᠤᠭᠲᠠᠬᠤ ᠴᠢᠬᠤᠯᠠ ᠬᠦᠬᠦᠷᠭᠡ ᠬᠤᠯᠪᠤᠭᠠᠰᠤ ᠮᠦᠨ ᠭᠡᠵᠡᠢ᠃      ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠠᠬᠢᠷᠤᠯ ᠭᠡᠷᠡᠯᠲᠦ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠪᠤᠯᠤᠨ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠬᠠᠮᠲᠤᠷᠠᠨ ᠪᠠᠢᠭᠤᠯᠵᠤ ᠪᠦᠬᠦᠢ ᠶᠡᠭᠡ ᠲᠡᠭᠡᠳᠦ ᠰᠤᠷᠭᠠᠭᠤᠯᠢ᠂ ᠮᠦᠨ ᠴᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠤᠯᠲᠠᠯᠭ᠎ᠠ ᠲᠠᠢ ᠪᠦᠲᠦᠭᠡᠨ ᠪᠠᠢᠭᠤᠯᠵᠤ ᠪᠠᠢᠭ᠎ᠠ ᠶᠡᠭᠡ ᠲᠡᠭᠡᠳᠦ ᠰᠤᠷᠭᠠᠭᠤᠯᠢ ᠪᠤᠯᠬᠤ ᠶᠤᠮ᠃ ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠤᠷᠤᠨ ᠤ ᠭᠠᠵᠠᠷ ᠲᠤ ᠨᠡᠯᠢᠶᠡᠳ ᠡᠷᠲᠡ ᠪᠠᠢᠭᠤᠯᠤᠭᠲᠠᠭᠰᠠᠨ ᠮᠤᠩᠭᠤᠯ ᠬᠡᠯᠡᠨ ᠤ ᠤᠷᠴᠢᠭᠤᠯᠭ᠎ᠠ ᠶᠢᠨ ᠲᠤᠰᠬᠠᠢ ᠮᠡᠷᠭᠡᠵᠢᠯ ᠲᠠᠢ ᠶᠡᠭᠡ ᠲᠡᠭᠡᠳᠦ ᠰᠤᠷᠭᠠᠭᠤᠯᠢ ᠶᠢᠨ ᠨᠢᠭᠡ ᠪᠤᠯᠤᠨ᠎ᠠ᠃ ᠰᠤᠷᠭᠠᠭᠤᠯᠢ ᠪᠠᠢᠭᠤᠯᠤᠭᠲᠠᠭᠰᠠᠨ 66 ᠵᠢᠯ ᠤᠨ ᠲᠤᠷᠰᠢᠲᠠ ᠬᠢᠲᠠᠳ ᠮᠤᠩᠭᠤᠯ ᠤᠷᠴᠢᠭᠤᠯᠭ᠎ᠠ ᠶᠢᠨ ᠲᠤᠰᠬᠠᠢ ᠮᠡᠷᠭᠡᠵᠢᠯ ᠨᠢ ᠢᠯᠡ ᠲᠤᠲᠤ ᠤᠨᠴᠠᠯᠢᠭ ᠲᠠᠢ ᠲᠤᠰᠬᠠᠢ ᠮᠡᠷᠭᠡᠵᠢᠯ ᠪᠤᠯᠵᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠲᠡᠲᠦᠢ ᠦᠭᠡᠢ ᠮᠤᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠭᠠᠨ ᠤ ᠨᠠᠢᠮᠠᠨ ᠮᠤᠵᠢ ᠤᠷᠤᠨ ᠤ ᠡᠳ᠋ ᠤᠨ ᠵᠠᠰᠠᠭ ᠨᠡᠶᠢᠭᠡᠮ ᠤᠨ ᠪᠠᠢᠭᠤᠯᠤᠯᠲᠠ᠂ ᠦᠨᠳᠦᠰᠦᠲᠡᠨ ᠤ ᠰᠤᠶᠤᠯ ᠤᠷᠠᠯᠢᠭ ᠤᠨ ᠵᠠᠯᠭᠠᠮᠵᠢᠯᠠᠯ᠂ ᠦᠨᠳᠦᠰᠦᠲᠡᠨ ᠬᠤᠭᠤᠷᠤᠨᠲᠤ ᠶᠢᠨ ᠰᠤᠶᠤᠯ ᠤᠨ ᠨᠡᠪᠲᠡᠷᠡᠯᠴᠡᠯ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠳᠤ ᠮᠤᠩᠭᠤᠯ ᠬᠢᠲᠠᠳ ᠬᠡᠯᠡᠨ ᠳᠤ ᠴᠠᠭᠠᠷᠠᠭᠰᠠᠨ ᠮᠠᠰᠢ ᠤᠯᠠᠨ ᠴᠢᠲᠠᠪᠤᠷᠢᠲᠠᠨ ᠢ ᠬᠦᠮᠦᠵᠢᠬᠦᠯᠦᠨ ᠦᠭᠴᠡᠢ᠃ ᠡᠷᠲᠡᠮ ᠰᠢᠨᠵᠢᠯᠡᠭᠡᠨ ᠤ ᠬᠤᠷᠠᠯ ᠢᠶᠠᠷ ᠰᠢᠨ᠎ᠡ ᠲᠤᠮᠲᠠᠲᠤ ᠤᠯᠤᠰ ᠪᠠᠢᠭᠤᠯᠤᠭᠲᠠᠭᠰᠠᠨ ᠠᠴᠠ ᠨᠠᠭᠠᠰᠢᠬᠢ ᠠᠮᠵᠢᠯᠲᠠ ᠪᠦᠲᠦᠮᠵᠢ ᠲᠤᠷᠰᠢᠯᠭ᠎ᠠ ᠰᠤᠷᠭᠠᠮᠵᠢ ᠪᠠᠨ ᠡᠷᠭᠢᠴᠡᠬᠦᠯᠬᠦ ᠶᠢᠨ ᠬᠠᠮᠲᠤ ᠰᠢᠨ᠎ᠡ ᠤᠨᠤᠯ᠂ ᠰᠢᠨ᠎ᠡ ᠮᠡᠲᠡᠯᠭᠡ᠂ ᠰᠢᠨ᠎ᠡ ᠰᠡᠳᠬᠢᠮᠵᠢ᠂ ᠰᠢᠨ᠎ᠡ ᠠᠷᠭ᠎ᠠ ᠤᠯᠤᠨ ᠰᠢᠨ᠎ᠡ ᠴᠠᠭ ᠦᠶ᠎ᠠ ᠶᠢᠨ ᠮᠤᠩᠭᠤᠯ ᠬᠡᠯᠡᠨ ᠤ ᠤᠷᠴᠢᠭᠤᠯᠭ᠎ᠠ ᠶᠢᠨ ᠰᠢᠨ᠎ᠡ ᠬᠠᠭᠤᠲᠠᠰᠤ ᠶᠢ ᠬᠠᠮᠲᠤ ᠪᠠᠷ ᠪᠢᠴᠢᠭᠯᠡᠬᠦ ᠪᠤᠯᠤᠨ᠎ᠠ ᠭᠡᠵᠡᠢ᠃      ᠤᠭ ᠡᠷᠲᠡᠮ ᠰᠢᠨᠵᠢᠯᠡᠭᠡᠨ ᠤ ᠬᠤᠷᠠᠯ ᠤᠨ ᠦᠶ᠎ᠠ ᠪᠠᠷ ᠪᠠᠰᠠ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠤᠷᠴᠢᠭᠤᠯᠭ᠎ᠠ ᠶᠢᠨ ᠲᠡᠭᠡᠳᠦ ᠰᠤᠷᠭᠠᠭᠤᠯᠢ ᠪᠠᠢᠭᠤᠯᠤᠭᠲᠠᠵᠤ ᠠᠯᠪᠠᠨ ᠶᠤᠰᠤᠭᠠᠷ ᠫᠠᠢᠰᠠ ᠡᠯᠬᠦᠪᠡ᠃
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠯᠡᠭᠡᠨ ᠤ ᠲᠡᠳ᠋ ᠲᠡᠷᠢᠬᠦᠯᠡᠭᠴᠢ ᠯᠦᠸᠧ ᡁᠢ ᠬᠤ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠦᠨ ᠭᠦᠸᠧ ᠴᠢᠤᠧᠠᠨ ᠠᠴᠠ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠤᠷᠴᠢᠭᠤᠯᠭ᠎ᠠ ᠶᠢᠨ ᠲᠡᠭᠡᠳᠦ ᠰᠤᠷᠭᠠᠭᠤᠯᠢ ᠶᠢᠨ ᠫᠠᠶᠢᠰᠠ ᠶᠢ ᠰᠡᠬᠦᠪᠡ      ᠠᠩᠬᠠᠲᠤᠭᠠᠷ ᠬᠤᠭᠤᠴᠠᠭᠠᠨ ᠤ ᠮᠤᠩᠭᠤᠯ ᠤᠷᠴᠢᠭᠤᠯᠭ᠎ᠠ ᠶᠢᠨ ᠡᠷᠲᠡᠮ ᠰᠢᠨᠵᠢᠯᠡᠭᠡᠨ ᠤ ᠬᠤᠷᠠᠯ ᠳᠤ ᠦᠪᠦᠷ ᠮᠤᠩᠭᠤᠯ᠂ ᠰᠢᠨᠵᠢᠶᠠᠩ᠂ ᠬᠦᠬᠡᠨᠠᠭᠤᠷ᠂ ᠭᠠᠨᠰᠤ᠂ ᠯᠢᠶᠤᠤᠨᠢᠩ᠂ ᠭᠢᠷᠢᠨ᠂ ᠬᠠᠷᠠᠮᠦ᠋ᠷᠡᠨ᠂ ᠪᠡᠭᠡᠵᠢᠩ ᠵᠡᠷᠭᠡ ᠭᠠᠵᠠᠷ ᠤᠷᠤᠨ ᠤ ᠠᠯᠪᠠᠨ ᠪᠠᠢᠭᠤᠯᠭ᠎ᠠ᠂ ᠶᠡᠭᠡ ᠲᠡᠭᠡᠳᠦ ᠰᠤᠷᠭᠠᠭᠤᠯᠢ᠂ ᠬᠡᠪᠯᠡᠯ ᠮᠡᠲᠡᠭᠡᠯᠡᠯ ᠤᠨ ᠪᠠᠢᠭᠤᠯᠭ᠎ᠠ ᠵᠡᠷᠭᠡ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠡᠷᠲᠡᠮᠲᠡᠨ᠂ ᠰᠤᠲᠤᠯᠤᠭᠠᠴᠢ᠂ ᠤᠷᠴᠢᠭᠤᠯᠤᠭᠴᠢ᠂ ᠨᠠᠢᠷᠠᠭᠤᠯᠤᠭᠴᠢᠳ ᠠᠴᠠ ᠮᠤᠩᠭᠤᠯ ᠬᠡᠯᠡᠨ ᠤ ᠤᠷᠴᠢᠭᠤᠯᠭ᠎ᠠ ᠶᠢᠨ ᠲᠤᠭᠤᠷᠢᠨ ᠳᠤ ᠦᠵᠡᠯ ᠪᠤᠲᠤᠯ ᠢᠶᠠᠨ ᠰᠤᠯᠢᠯᠴᠠᠨ ᠮᠤᠩᠭᠤᠯ ᠤᠷᠴᠢᠭᠤᠯᠭ᠎ᠠ ᠲᠠᠢ ᠬᠤᠯᠪᠤᠭᠲᠠᠭᠰᠠᠨ ᠠᠰᠠᠭᠤᠲᠠᠯ ᠤᠨ ᠲᠤᠭᠤᠷᠢᠨ ᠳᠤ ᠶᠠᠷᠢᠯᠴᠠᠨ᠎ᠠ᠃ ᠡᠨᠡ ᠬᠤᠷᠠᠯ 9 ᠰᠠᠷ᠎ᠠ ᠶᠢᠨ 28 ᠤ ᠡᠲᠦᠷ ᠠᠴᠠ 29 ᠤ ᠡᠲᠦᠷ ᠪᠤᠯᠲᠠᠯ᠎ᠠ ᠶᠠᠪᠤᠭᠲᠠᠨ᠎ᠠ᠃
ᠬᠤᠷᠠᠯ ᠤᠨ ᠲᠠᠯᠠᠪᠠᠢ      ᠦᠪᠦᠷ ᠮᠤᠩᠭᠤᠯ ᠤᠨ ᠮᠤᠩᠭᠤᠯ ᠤᠷᠴᠢᠭᠤᠯᠭ᠎ᠠ ᠶᠢᠨ ᠨᠡᠢᠭᠡᠮᠯᠢᠭ ᠨᠢ 2018 ᠤᠨ ᠤ 7 ᠰᠠᠷ᠎ᠠ ᠶᠢᠨ 30 ᠤ ᠡᠲᠦᠷ ᠪᠠᠶᠢᠭᠤᠯᠤᠭᠳᠠᠪᠠ᠃ ᠲᠤᠰ ᠨᠡᠢᠭᠡᠮᠯᠢᠭ ᠨᠢ ᠦᠪᠦᠷ ᠮᠤᠩᠭᠤᠯ ᠤᠨ ᠡᠯ᠎ᠡ ᠦᠨᠳᠦᠰᠦᠲᠡᠨ ᠤ ᠤᠷᠴᠢᠭᠤᠯᠤᠭᠴᠢᠳ ᠪᠠ ᠤᠷᠴᠢᠭᠤᠯᠭ᠎ᠠ ᠶᠢᠨ ᠠᠵᠢᠯᠲᠠᠳ ᠤᠨ ᠰᠠᠶᠢᠨ ᠲᠤᠷ᠎ᠠ ᠠᠴᠠ ᠪᠠᠨ ᠬᠤᠯᠪᠤᠭᠠᠯᠠᠨ ᠪᠦᠷᠢᠯᠲᠦᠭᠰᠡᠨ ᠲᠤᠰᠬᠠᠢ ᠮᠡᠷᠭᠡᠵᠢᠯ ᠤᠨ ᠴᠢᠨᠠᠷ ᠲᠠᠢ᠂ ᠡᠷᠲᠡᠮ ᠰᠢᠨᠵᠢᠯᠡᠭᠡᠨ ᠤ ᠴᠢᠨᠠᠷ ᠲᠠᠢ᠂ ᠲᠤᠬᠠᠢᠯᠠᠭᠰᠠᠨ ᠠᠵᠢᠯ ᠤᠨ ᠴᠢᠨᠠᠷ ᠲᠠᠢ᠂ ᠠᠰᠢᠭ ᠤᠨ ᠪᠤᠰᠤ ᠨᠡᠶᠢᠭᠡᠮ ᠤᠨ ᠵᠤᠬᠢᠶᠠᠨ ᠪᠠᠢᠭᠤᠯᠤᠯᠲᠠ ᠪᠤᠯᠬᠤ ᠶᠤᠮ᠃ ᠨᠡᠢᠭᠡᠮᠯᠢᠭ ᠨᠢ ᠡᠯ᠎ᠡ ᠲᠦᠷᠦᠯ ᠤᠨ ᠬᠡᠯᠡᠨ ᠤ ᠦᠰᠦᠭ ᠪᠢᠴᠢᠭ ᠤᠨ ᠤᠷᠴᠢᠭᠤᠯᠭ᠎ᠠ᠂ ᠤᠷᠴᠢᠭᠤᠯᠭ᠎ᠠ ᠶᠢᠨ ᠰᠤᠲᠤᠯᠭᠠᠨ ᠪᠠ ᠤᠷᠴᠢᠭᠤᠯᠭ᠎ᠠ ᠶᠢᠨ ᠵᠢᠭᠠᠨ ᠰᠤᠷᠭᠠᠯᠲᠠ ᠶᠢᠨ ᠲᠤᠭᠤᠷᠢᠨ ᠳᠤ ᠠᠵᠢᠯ ᠦᠷᠨᠢᠬᠦᠯᠵᠦ᠂ ᠦᠪᠦᠷ ᠮᠤᠩᠭᠤᠯ ᠤᠨ ᠤᠷᠴᠢᠭᠤᠯᠭ᠎ᠠ ᠶᠢᠨ ᠤᠬᠠᠭᠠᠨ ᠤ ᠴᠢᠬᠤᠯᠠ ᠤᠨᠤᠯ ᠪᠠ ᠪᠤᠲᠠᠲᠠᠢ ᠠᠰᠠᠭᠤᠲᠠᠯ ᠢ ᠢᠲᠡᠪᠬᠢᠲᠡᠢ ᠰᠤᠲᠤᠯᠵᠤ᠂ ᠰᠢᠯᠢᠲᠡᠭ ᠤᠷᠴᠢᠭᠤᠯᠭ᠎ᠠ ᠶᠢᠨ ᠡᠩᠨᠡᠭᠡ ᠪᠠ ᠰᠤᠲᠤᠯᠭᠠᠨ ᠤ ᠴᠢᠲᠠᠪᠤᠷᠢᠲᠠᠨ ᠢ ᠬᠦᠮᠦᠵᠢᠬᠦᠯᠬᠦ ᠪᠤᠯᠤᠨ᠎ᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ