ᠴᠠᠬᠢᠯᠭᠠᠨ ᠬᠤᠯᠪᠤᠭ᠎ᠠ ᠰᠦᠯᠵᠢᠶᠡᠨ ᠤ ᠰᠤᠷᠠᠭ ᠵᠠᠩᠭᠢ ᠶᠢᠨ ᠮᠡᠬᠡᠯᠡᠯ ᠢ ᠬᠡᠷᠬᠢᠨ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2019/9/4
ᠬᠦᠬᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠵᠤᠤ ᠬᠤᠩ ᠴᠢᠤᠸᠠᠨ᠂ ᠡᠷᠡᠭᠦᠤ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠴᠠᠭᠳᠠᠭ᠎ᠠ ᠪᠠᠶ ᠯᠦᠩ
     ﹇ᠬᠠᠮᠢᠶᠠᠷᠤᠭᠴᠢ﹈ ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠳᠤᠷᠠᠭᠰᠠᠨ ᠲᠣᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠤ ᠨᠦᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠶᠠᠷᠢᠯᠴᠠᠵᠤ ᠪᠣᠯᠤᠨ᠎ᠠ᠂ ᠢᠳᠡᠪᠬᠢᠲᠡᠢ ᠣᠷᠣᠯᠴᠠᠬᠤ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃      ﹇ᠬᠥᠲᠥᠯᠥᠭᠴᠢ﹈ ᠤᠶᠢᠷ᠎ᠠ ᠶᠢᠨ ᠵᠢᠯ ᠳᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠡᠷᠡᠭ ᠲᠠᠰᠤᠷᠠᠯᠲᠠ ᠦᠭᠡᠢ ᠨᠡᠮᠡᠭᠳᠡᠨ᠂ ᠬᠡᠷᠡᠭ ᠬᠢᠬᠦ ᠠᠷᠭ᠎ᠠ ᠪᠠᠷᠢᠯ ᠨᠢ ᠲᠠᠰᠤᠷᠠᠯᠲᠠ ᠦᠭᠡᠢ ᠰᠢᠨᠡᠳᠴᠦ᠂ ᠬᠤᠬᠢᠷᠠᠯ ᠨᠢ ᠴᠦ ᠤᠯᠠᠮ ᠠᠴᠠ ᠤᠯᠠᠮ ᠶᠡᠬᠡᠳᠴᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠳᠤ ᠲᠦᠢᠯ ᠤᠨ ᠶᠡᠭᠡ ᠰᠦᠷᠳᠡᠭᠦᠯᠦᠯ ᠪᠣᠯᠵᠤ ᠪᠠᠶᠢᠨ᠎ᠠ᠃ ᠤᠯᠠᠨ ᠳᠤ ᠶᠠᠷᠢᠭᠠᠳ ᠦᠭᠭᠦᠨ᠎ᠡ ᠤᠤ︖ ᠴᠠᠬᠢᠯᠭᠠᠨ ᠬᠤᠯᠪᠣᠭᠠᠨ ᠤ ᠮᠡᠬᠡᠯᠡᠯ ᠭᠡᠵᠦ ᠶᠠᠭᠤ ᠪᠤᠢ︖        ﹇ᠵᠤᠤ ᠬᠤᠩ ᠴᠢᠤᠸᠠᠨ﹈ ᠴᠠᠬᠢᠯᠭᠠᠨ ᠬᠤᠯᠪᠣᠭᠠᠨ ᠤ ᠮᠡᠬᠡᠯᠡᠯ ᠭᠡᠪᠡᠯ᠂ ᠣᠯᠠᠨ ᠢᠶᠠᠷ ᠢᠶᠠᠨ ᠪᠦᠷ ᠮᠡᠳᠡᠵᠦ ᠪᠠᠶᠢᠬ᠎ᠠ᠃ ᠴᠠᠬᠢᠯᠭᠠᠨ ᠬᠤᠯᠪᠣᠭ᠎ᠠ ᠪᠠᠷ ᠮᠡᠬᠡᠯᠡᠬᠦ ᠭᠡᠳᠡᠭ ᠨᠢ ᠤᠲᠠᠰᠤ᠂ ᠰᠦᠯᠵᠢᠶ᠎ᠡ ᠪᠠ ᠣᠬᠤᠷ ᠴᠢᠮᠡᠭᠡᠨ ᠤ ᠠᠷᠭ᠎ᠠ ᠮᠠᠶ᠋ᠢᠭ ᠢ ᠠᠰᠢᠭᠯᠠᠨ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ ᠮᠡᠭᠡ ᠭᠠᠷᠭᠠᠵᠤ᠂ ᠬᠤᠬᠢᠷᠠᠯ ᠠᠮᠰᠠᠭᠴᠢ ᠶᠢ ᠠᠯᠤᠰ ᠵᠠᠶ ᠠᠴᠠ ᠦᠯᠦ ᠬᠦᠷᠦᠯᠴᠡᠬᠦ ᠬᠡᠯᠪᠡᠷᠢ ᠪᠠᠷ ᠮᠡᠭᠡᠯᠡᠨ᠂ ᠬᠤᠬᠢᠷᠠᠯ ᠠᠮᠰᠠᠭᠴᠢ ᠶᠢ ᠥᠳᠥᠭᠡᠨ ᠵᠣᠭᠤᠰ ᠭᠤᠪᠢᠭᠤᠯᠤᠭᠤᠯᠬᠤ ᠶᠠᠯᠠᠲᠤ ᠠᠵᠢᠯᠯᠠᠭ᠎ᠠ ᠶᠢ ᠬᠡᠯᠡᠳᠡᠭ᠂ ᠶᠡᠷᠦ ᠳᠡᠭᠡᠨ ᠪᠤᠰᠤᠳ ᠢ ᠬᠠᠭᠤᠷᠮᠠᠭᠯᠠᠨ ᠤᠷᠤᠯᠠᠬᠤ ᠵᠢᠴᠢ ᠡᠯ᠎ᠡ ᠵᠦᠢᠯ ᠤᠨ ᠬᠠᠤᠯᠢ ᠶᠤᠰᠤᠨ ᠤ ᠬᠡᠯᠪᠡᠷᠢ ᠲᠠᠢ ᠣᠪᠯᠠᠬᠤ ᠪᠤᠶᠤ ᠬᠠᠭᠤᠷᠮᠠᠭᠯᠠᠨ ᠵᠣᠬᠢᠶᠠᠬᠤ ᠬᠡᠯᠪᠡᠷᠢ ᠪᠠᠷ ᠮᠡᠬᠡᠯᠡᠬᠦ ᠵᠣᠷᠢᠯᠭ᠎ᠠ ᠳᠠᠭᠠᠨ ᠬᠦᠷᠳᠡᠭ᠂ ᠵᠢᠱᠢᠶᠡᠯᠡᠪᠡᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠪᠠᠷ ᠣᠪᠯᠠᠬᠤ᠂ ᠬᠤᠳᠠᠯᠳᠤᠭᠠᠴᠢᠨ ᠺᠣᠮᠫᠠᠨᠢ ᠦᠢᠯᠡᠳᠪᠦᠷᠢ᠂ ᠲᠥᠷᠦ ᠶᠢᠨ ᠪᠠᠶᠢᠭᠤᠯᠭ᠎ᠠ ᠶᠢᠨ ᠠᠵᠢᠯᠲᠠᠨ᠂ ᠪᠠᠩᠬᠢ ᠶᠢᠨ ᠠᠵᠢᠯᠲᠠᠨ᠂ ᠡᠯ᠎ᠡ ᠲᠥᠷᠥᠯ ᠤᠨ ᠪᠠᠶᠢᠭᠤᠯᠤᠮᠵᠢ ᠶᠢᠨ ᠠᠵᠢᠯᠲᠠᠨ᠂ ᠠᠵᠢᠯᠴᠢᠨ ᠡᠯᠰᠡᠬᠦ᠂ ᠵᠢᠭᠡᠯᠡᠯᠭᠡ ᠲᠠᠯᠪᠢᠬᠤ᠂ ᠭᠠᠷ ᠤᠲᠠᠰᠤᠨ ᠤ ᠣᠷᠣᠨ ᠪᠠᠶᠢᠷᠢ ᠲᠣᠭᠲᠠᠭᠠᠬᠤ᠂ ᠶᠠᠩᠬᠠᠨ ᠳᠤ ᠡᠯᠰᠡᠬᠦ ᠵᠡᠷᠭᠡ ᠡᠯ᠎ᠡ ᠵᠦᠢᠯ ᠤᠨ ᠬᠡᠯᠪᠡᠷᠢ ᠪᠠᠷ ᠮᠡᠬᠡᠯᠡᠳᠡᠭ᠃      2000 ᠣᠨ ᠠᠴᠠ ᠨᠠᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠴᠠᠬᠢᠯᠭᠠᠨ ᠬᠤᠯᠪᠣᠭᠠᠨ ᠤ ᠮᠡᠬᠡᠯᠡᠯ ᠳᠤᠮᠳᠠᠳᠤ ᠤᠯᠤᠰ ᠲᠤ ᠦᠳᠲᠡᠷ ᠲᠦᠷᠭᠡᠨ ᠬᠥᠭᠵᠢᠨ ᠳᠡᠯᠭᠡᠷᠡᠪᠡ᠂ ᠡᠳᠡᠭᠡᠷ ᠴᠠᠬᠢᠯᠭᠠᠨ ᠬᠤᠯᠪᠣᠭᠠᠨ ᠤ ᠮᠡᠬᠡᠯᠡᠭᠴᠢ ᠶᠢᠨ ᠣᠯᠠᠩᠬᠢ ᠨᠢ ᠪᠦᠷ ᠮᠡᠷᠭᠡᠵᠢᠯ ᠤᠨ ᠠᠵᠢᠯᠲᠠᠨ ᠪᠠᠶᠢᠵᠤ᠂ ᠭᠠᠷ ᠤᠲᠠᠰᠤ᠂ ᠳ᠋ᠢᠶᠠᠩᠬᠤᠸᠠ᠂ ᠰᠦᠯᠵᠢᠶ᠎ᠡ ᠵᠡᠷᠭᠡ ᠮᠡᠳᠡᠭᠡ ᠬᠤᠯᠪᠣᠭᠠᠨ ᠤ ᠪᠠᠭᠠᠵᠢ ᠪᠠ ᠤᠳᠤ ᠦᠶ᠎ᠡ ᠶᠢᠨ ᠲᠧᠭᠨᠢᠭ ᠮᠡᠷᠭᠡᠵᠢᠯ ᠵᠡᠷᠭᠡ ᠳᠤ ᠲᠦᠰᠢᠭᠯᠡᠭᠰᠡᠨ ᠦᠯᠦ ᠬᠦᠷᠦᠯᠴᠡᠬᠦ ᠬᠡᠯᠪᠡᠷᠢ ᠶᠢᠨ ᠮᠡᠬᠡᠯᠡᠯ ᠨᠢ ᠦᠳᠲᠡᠷ ᠲᠦᠷᠭᠡᠨ ᠬᠥᠭᠵᠢᠨ ᠳᠡᠯᠭᠡᠷᠡᠵᠦ᠂ ᠠᠷᠠᠳ ᠣᠯᠠᠨ ᠳᠤ ᠮᠠᠰᠢ ᠶᠡᠭᠡ ᠬᠤᠬᠢᠷᠠᠯ ᠤᠴᠠᠷᠠᠭᠤᠯᠵᠠᠶ᠃      2016 ᠤᠨ 12 ᠰᠠᠷ᠎ᠠ ᠶᠢᠨ 20 ᠤ ᠡᠳᠦᠷ᠂ ᠠᠷᠠᠳ ᠤᠨ ᠳᠡᠭᠡᠳᠦ ᠰᠢᠭᠦᠬᠦ ᠬᠤᠷᠢᠶ᠎ᠠ ᠵᠡᠷᠭᠡ ᠭᠤᠷᠪᠠᠨ ᠰᠠᠯᠠᠭ᠎ᠠ ᠮᠥᠴᠢᠷ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠷᠡᠭᠦᠤ ᠶᠢᠨ ᠬᠡᠷᠡᠭ ᠢ ᠰᠢᠢᠳᠪᠦᠷᠢᠯᠡᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠰᠠᠨᠠᠯ︾ ᠢ ᠨᠡᠶᠢᠲᠡᠯᠡᠵᠦ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠷᠭᠡᠵᠢᠯ ᠤᠨ ᠠᠷᠭ᠎ᠠ ᠪᠠᠷ ᠮᠡᠬᠡᠯᠡᠪᠡᠯ᠂ ᠨᠡᠶᠢᠲᠡ ᠶᠢᠨ ᠬᠤᠪᠢ ᠶᠢᠨ ᠡᠳ᠋ ᠪᠤᠳᠠᠰ ᠢ ᠮᠡᠬᠡᠯᠡᠭᠰᠡᠨ ᠥᠷᠲᠡᠭ 3000 ᠲᠦᠭᠦᠷᠢᠭ ᠢ ᠬᠡᠲᠦᠷᠡᠪᠡᠯ ᠡᠷᠡᠭᠦᠦ ᠰᠢᠢᠳᠭᠡᠯ ᠲᠤᠯᠭᠠᠵᠤ ᠪᠤᠯᠤᠨ᠎ᠠ᠂ ᠨᠡᠶᠢᠲᠡ ᠶᠢᠨ ᠬᠤᠪᠢ ᠶᠢᠨ ᠡᠳ᠋ ᠪᠤᠳᠠᠰ ᠢ ᠮᠡᠬᠡᠯᠡᠭᠰᠡᠨ ᠥᠷᠲᠡᠭ 50 ᠲᠦᠮᠡᠨ ᠲᠦᠭᠦᠷᠢᠭ ᠢ ᠭᠡᠳᠦᠷᠡᠪᠡᠯ ᠬᠤᠭᠤᠴᠠᠭ᠎ᠠ ᠦᠭᠡᠢ ᠬᠤᠷᠢᠬᠤ ᠶᠠᠯ᠎ᠠ ᠲᠤᠯᠭᠠᠵᠤ ᠪᠤᠯᠤᠨ᠎ᠠ ᠭᠡᠵᠦ ᠲᠠᠬᠢᠨᠳᠠ ᠲᠤᠳᠤᠷᠬᠠᠶᠢᠯᠠᠵᠠᠢ᠃      ﹇ᠬᠥᠲᠥᠯᠥᠭᠴᠢ﹈ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠨᠢ ᠶᠠᠮᠠᠷ ᠣᠨᠴᠠᠯᠢᠭ ᠲᠠᠢ ᠪᠣᠶ︖      ﹇ᠪᠠᠶ ᠯᠦᠩ﹈ ᠨᠢᠭᠡ ᠳᠤ ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ‌‍ᠶᠢᠨ ᠲᠡᠯᠭᠡᠷᠡᠬᠦ ᠴᠢᠨᠠᠷ ᠨᠢ ᠨᠡᠯᠢᠶᠡᠳ ᠶᠡᠭᠡ᠂ ᠬᠥᠭᠵᠢᠯᠲᠡ ᠨᠢ ᠮᠠᠰᠢ ᠲᠦᠷᠭᠡᠨ ᠪᠠᠶᠢᠨ᠎ᠠ᠃ ᠴᠠᠬᠢᠯᠭᠠᠨ ᠬᠤᠯᠪᠤᠭ᠎ᠠ ᠪᠠᠷ ᠮᠡᠬᠡᠯᠡᠭᠴᠢ ᠶᠡᠷᠦ ᠨᠢ ᠬᠥᠮᠦᠰ ᠤᠨ ᠠᠰᠢᠭ ᠬᠠᠷᠠᠨ ᠬᠤᠤᠷ ᠠᠴᠠ ᠵᠠᠶᠢᠯᠠᠬᠤ ᠰᠡᠳᠬᠢᠴᠡ ᠶᠢ ᠠᠰᠢᠭᠯᠠᠨ ᠬᠤᠳᠠᠯ ᠬᠠᠭᠤᠷᠮᠠᠭ ᠤᠳᠠᠰᠤ᠂ ᠣᠬᠤᠷ ᠴᠢᠮᠡᠭᠡ ᠵᠤᠬᠢᠶᠠᠵᠤ ᠬᠤᠳᠠᠯ ᠬᠠᠭᠤᠷᠮᠠᠭ ᠮᠡᠳᠡᠭᠡ ᠵᠠᠩᠭᠢ ᠶᠢ ᠣᠯᠠᠨ ᠲᠦᠮᠡᠨ ᠳᠤ ᠨᠡᠶᠢᠳᠡᠮ ᠳᠤ ᠨᠢ ᠲᠠᠮᠵᠢᠭᠤᠯᠤᠨ᠂ ᠲᠦᠢᠯ ᠤᠨ ᠤᠬᠤᠷᠬᠠᠨ ᠬᠤᠭᠤᠴᠠᠭᠠᠨ ᠳᠤ ᠲᠠᠮᠵᠢᠭᠤᠯᠬᠤ ᠬᠦᠷᠢᠶ᠎ᠡ ᠬᠡᠪᠴᠢᠶ᠎ᠡ ᠨᠢ ᠮᠠᠰᠢ ᠥᠷᠭᠡᠨ᠂ ᠬᠠᠯᠳᠠᠯᠭ᠎ᠠ ᠶᠢᠨ ᠬᠡᠪᠴᠢᠶ᠎ᠡ ᠨᠢ ᠮᠠᠰᠢ ᠶᠡᠭᠡ ᠪᠣᠯᠬᠤᠷ ᠬᠤᠬᠢᠷᠠᠯ ᠤᠴᠠᠷᠠᠭᠤᠯᠬᠤ ᠬᠦᠷᠢᠶ᠎ᠡ ᠬᠡᠪᠴᠢᠶ᠎ᠡ ᠨᠢ ᠴᠦ ᠮᠠᠰᠢ ᠥᠷᠭᠡᠨ ᠪᠠᠶᠢᠳᠠᠭ᠃      ᠬᠤᠶᠠᠷ ᠲᠤ ᠮᠡᠬᠡᠯᠡᠬᠦ ᠠᠷᠭ᠎ᠠ ᠪᠠᠷᠢᠯ ᠤᠨ ᠰᠢᠨᠡᠳᠬᠦ ᠬᠤᠷᠳᠤᠴᠠ ᠨᠢ ᠮᠠᠰᠢ ᠲᠦᠷᠭᠡᠨ ᠪᠠᠶᠢᠵᠤ᠂ ᠡᠬᠢᠯᠡᠩᠭᠦᠳᠡ ᠪᠠᠨ ᠵᠥᠪᠬᠡᠨ ᠮᠠᠰᠢ ᠪᠠᠭ᠎ᠠ ᠮᠦᠩᠭᠦ ᠪᠠᠷ ᠲᠥᠬᠦᠭᠡᠷᠦᠮᠵᠢ ᠬᠤᠳᠠᠯᠳᠤᠨ ᠠᠪᠴᠤ ᠣᠬᠤᠷ ᠴᠢᠮᠡᠭᠡ ᠰᠠᠴᠤᠵᠤ ᠪᠠᠶᠢᠭᠰᠠᠨ ᠢᠶᠠᠨ ᠢᠨᠲ᠋ᠧᠷ ᠰᠦᠯᠵᠢᠶᠡᠨ ᠲᠡᠭᠡᠷᠡᠬᠢ ᠳᠤᠷ᠎ᠠ ᠶᠢᠨ ᠨᠢᠭᠡ ᠳ᠋ᠤᠭᠠᠷ ᠢᠯᠡᠷᠡᠭᠦᠯᠬᠦ ᠵᠥᠭᠡᠯᠡᠨ ᠲᠣᠨᠤᠭ᠂ ᠳ᠋ᠤᠭᠠᠷ ᠢᠯᠡᠷᠡᠭᠦᠯᠬᠦ ᠷᠠᠳᠢᠣ᠋ ᠵᠡᠷᠭᠡ ᠪᠣᠯᠵᠤ ᠬᠥᠭᠵᠢᠭᠡᠳ᠂ ᠨᠢᠭᠡ ᠵᠦᠢᠯ ᠤᠨ ᠲᠡᠭᠡᠳᠦ ᠣᠶᠤᠨ ᠤ ᠬᠡᠯᠪᠡᠷᠢ ᠶᠢᠨ ᠮᠡᠬᠡᠯᠡᠯ ᠪᠣᠯᠤᠭᠰᠠᠨ ᠪᠠᠶᠢᠨ᠎ᠠ᠃ ᠮᠡᠬᠡᠯᠡᠯ ᠤᠨ ᠰᠢᠯᠲᠠᠭ ᠠᠴᠠ ᠠᠪᠴᠤ ᠬᠡᠯᠡᠪᠡᠯ᠂ ᠬᠠᠮᠤᠭ ᠤᠨ ᠡᠷᠲᠡᠨ ᠤ ᠱᠠᠩᠨᠠᠯ ᠤᠯᠤᠭᠰᠠᠨ ᠮᠡᠬᠡᠯᠡᠯ ᠠᠴᠠ ᠬᠥᠭᠵᠢᠭᠡᠳ᠂ ᠠᠶᠤᠯᠭᠠᠵᠤ ᠮᠡᠬᠡᠯᠡᠭ᠊᠂ ᠳ᠋ᠢᠶᠠᠩᠬᠤᠸᠠ ᠶᠢᠨ ᠵᠠᠷᠤᠳᠠᠯ ᠥᠷᠢᠲᠦᠬᠦ᠂ ᠮᠠᠰᠢᠨ ᠲᠡᠷᠭᠡᠨ ᠤ ᠭᠠᠶᠢᠯᠢ ᠪᠤᠴᠠᠭᠠᠬᠤ ᠵᠡᠷᠭᠡ ᠳᠤ ᠬᠦᠷᠦᠭᠰᠡᠨ ᠪᠠᠶᠢᠨ᠎ᠠ᠃ ᠮᠡᠬᠡᠯᠡᠭᠴᠢ ᠡᠯᠳᠡᠪ ᠵᠦᠢᠯ ᠤᠨ ᠶᠠᠩᠵᠤ ᠪᠦᠷᠢ ᠶᠢᠨ ᠮᠡᠬᠡᠯᠡᠯ ᠢ ᠪᠣᠳᠣᠵᠤ ᠣᠯᠳᠠᠭ᠃ ᠶᠠᠭ ︽ᠴᠢ ᠨᠠᠮᠠᠢᠢ ᠬᠡᠨ ᠪᠣᠯᠬᠤ ᠶᠢ ᠲᠠᠭᠠᠵᠤ ᠦᠵᠡ︾ ᠭᠡᠰᠡᠨ ᠰᠢᠭ᠂ ᠵᠠᠷᠢᠮ ᠨᠢ ᠴᠢᠨᠠᠭᠰᠢᠯᠠᠭᠠᠳ ᠰᠢᠭᠤᠳ ᠵᠣᠭᠤᠰ ᠭᠤᠪᠢᠭᠤᠯᠤᠭᠤᠯᠤᠨ ᠮᠡᠬᠡᠯᠡᠵᠦ ᠪᠠᠶᠢᠨ᠎ᠠ᠂ ᠣᠯᠠᠨ ᠢᠶᠠᠷ ᠢᠶᠠᠨ ᠪᠦᠷ ᠡᠶᠢᠮᠦ ᠮᠡᠭᠡᠯᠡᠯ ᠤᠨ ᠤᠳᠠᠰᠤ ᠶᠢ ᠲᠤᠰᠴᠤ ᠥᠩᠭᠡᠷᠡᠭᠰᠡᠨ ᠪᠠᠶᠢᠬ᠎ᠠ᠃ ᠠᠩᠬ᠎ᠠ ᠡᠬᠢᠨ  ᠳᠡᠭᠡᠨ ᠣᠯᠠᠨ ᠢᠶᠠᠷ ᠢᠶᠠᠨ ᠪᠠᠰᠠ ᠡᠶᠢᠮᠦ ᠠᠷᠭ᠎ᠠ ᠪᠠᠷ ᠵᠣᠭᠤᠰ ᠮᠡᠬᠡᠯᠡᠵᠦ ᠣᠯᠣᠨ᠎ᠠ ᠤᠤ︖ ᠭᠡᠵᠦ ᠪᠣᠳᠣᠵᠤ ᠪᠠᠶᠢᠭᠰᠠᠨ᠂ ᠦᠨᠡᠬᠡᠷ ᠵᠣᠭᠤᠰ ᠮᠡᠬᠡᠯᠡᠵᠦ ᠣᠯᠣᠨ᠎ᠠ᠃ ᠤᠴᠢᠷ ᠨᠢ ᠮᠠᠰᠢ ᠣᠯᠠᠨ ᠬᠥᠮᠦᠨ ᠠᠷᠠᠯᠵᠢᠶ᠎ᠠ ᠬᠢᠵᠦ ᠪᠠᠶᠢᠨ᠎ᠠ᠂ ᠬᠤᠭᠤᠷᠣᠨᠳᠣ ᠪᠠᠨ ᠵᠣᠭᠤᠰ ᠮᠥᠩᠭᠦᠨ ᠤ ᠶᠠᠪᠤᠯᠴᠠᠭ᠎ᠠ ᠲᠠᠢ᠂ ᠪᠢᠳᠡ ᠬᠤᠶᠠᠷ ᠠᠷᠠᠯᠵᠢᠶ᠎ᠠ ᠬᠢᠭᠡᠳ ᠪᠢ ᠴᠢᠮ᠎ᠠ ᠳᠤ ᠵᠣᠭᠤᠰ ᠶᠠᠪᠤᠭᠤᠯᠵᠤ ᠥᠭᠬᠦᠶ᠎ᠡ ᠭᠡᠵᠦ ᠬᠡᠯᠡᠯᠴᠡᠵᠦ ᠲᠣᠬᠢᠷᠠᠭᠠᠳ ᠪᠠᠶᠢᠪᠠ᠂ ᠶᠠᠭ ᠰᠠᠶᠢᠬᠠᠨ ᠡᠨᠡ ᠣᠬᠤᠷ ᠴᠢᠮᠡᠭᠡ ᠶᠢ ᠲᠤᠰᠴᠤ ᠤᠯᠤᠭᠠᠳ ᠪᠢ ᠵᠣᠭᠤᠰ ᠢᠶᠠᠨ ᠶᠠᠪᠤᠭᠤᠯᠴᠢᠬᠠᠨ᠎ᠠ᠃ ᠮᠡᠬᠡᠯᠡᠬᠦ ᠠᠷᠭ᠎ᠠ ᠪᠠᠰᠠ ᠲᠠᠰᠤᠷᠠᠯᠲᠠ ᠦᠭᠡᠢ ᠰᠢᠨᠡᠳᠴᠦ ᠪᠠᠶᠢᠨ᠎ᠠ᠂ ᠰᠢᠨᠡᠳᠬᠦ ᠳᠠᠪᠲᠠᠮᠵᠢ ᠨᠢ ᠲᠤᠩ ᠥᠨᠳᠥᠷ᠂ ᠵᠠᠷᠢᠮ ᠦᠶ᠎ᠡ ᠳᠤ ᠴᠢᠨᠠᠭᠰᠢᠯᠠᠭᠠᠳ ᠨᠢᠭᠡ᠂ ᠬᠤᠶᠠᠷ ᠰᠠᠷ᠎ᠠ ᠶᠢᠨ ᠳᠣᠲᠣᠷ᠎ᠠ ᠰᠢᠨ᠎ᠡ ᠮᠡᠬᠡᠯᠡᠬᠦ ᠠᠷᠭ᠎ᠠ ᠭᠠᠷᠴᠤ ᠪᠠᠶᠢᠨ᠎ᠠ᠃      ᠭᠤᠷᠪᠠ ᠳᠤ᠂ ᠪᠦᠯᠦᠭ ᠢᠶᠠᠷ ᠢᠶᠠᠨ ᠬᠡᠷᠡᠭ ᠬᠢᠵᠦ᠂ ᠮᠦᠷᠳᠡᠨ ᠪᠠᠶᠢᠴᠠᠭᠠᠯᠲᠠ ᠶᠢ ᠡᠰᠡᠷᠭᠦᠴᠡᠬᠦ ᠴᠢᠳᠠᠪᠤᠷᠢ ᠨᠢ ᠮᠠᠰᠢ ᠴᠢᠩᠭ᠎ᠠ ᠪᠠᠶᠢᠳᠠᠭ᠃ ᠶᠡᠷᠦ ᠳᠡᠭᠡᠨ ᠠᠯᠤᠰ ᠬᠤᠯᠠ ᠶᠢᠨ᠂ ᠬᠦᠷᠦᠯᠴᠡᠬᠦ ᠦᠭᠡᠢ ᠬᠡᠯᠪᠡᠷᠢ ᠶᠢᠨ ᠮᠡᠬᠡᠯᠡᠯ ᠢ ᠬᠡᠷᠡᠭᠯᠡᠵᠦ᠂ ᠵᠤᠬᠢᠶᠠᠨ ᠪᠠᠶᠢᠭᠤᠯᠤᠯᠳᠠ ᠴᠢᠩᠭ᠎ᠠ᠂ ᠲᠡᠳᠡ ᠠᠵᠤ ᠠᠬᠤᠶᠢᠯᠠᠯ ᠤᠨ ᠠᠵᠢᠯᠯᠠᠬᠤ ᠬᠡᠯᠪᠡᠷᠢ ᠶᠢ ᠠᠪᠴᠤ᠂ ᠠᠵᠢᠯ ᠤᠨ ᠬᠤᠪᠢᠶᠠᠷᠢᠯᠠᠯᠳᠠ ᠮᠠᠰᠢ ᠨᠠᠷᠢᠨ᠂ ᠲᠤᠰᠬᠠᠢ ᠬᠦᠮᠦᠨ ᠭᠠᠷ ᠤᠳᠠᠰᠤ ᠬᠤᠳᠠᠯᠳᠤᠨ ᠠᠪᠴᠤ᠂ ᠵᠠᠷᠢᠮ ᠨᠢ ᠲᠤᠰᠬᠠᠶᠢᠯᠠᠨ ᠪᠠᠩᠭᠢ ᠶᠢᠨ ᠲᠠᠩᠰᠨ ᠨᠡᠭᠡᠭᠡᠵᠦ᠂ ᠵᠠᠷᠢᠮ ᠨᠢ ᠤᠳᠠᠰᠤᠳᠠᠬᠤ ᠶᠢ ᠬᠠᠷᠢᠭᠤᠴᠠᠵᠤ᠂ ᠵᠠᠷᠢᠮ ᠨᠢ ᠵᠤᠭᠤᠰ ᠰᠢᠯᠵᠢᠬᠦᠯᠬᠦ ᠶᠢ ᠬᠠᠮᠢᠶᠠᠷᠴᠤ᠂ ᠲᠤᠤᠷ᠎ᠠ ᠲᠠᠯ᠎ᠠ ᠶᠢᠨ ᠠᠵᠢᠯ ᠤᠨ ᠲᠠᠷᠠᠭᠠᠯᠠᠯ ᠨᠢ ᠲᠡᠭᠡᠷ᠎ᠡ ᠲᠠᠯ᠎ᠠ ᠶᠢᠨ ᠠᠵᠢᠯ ᠤᠨ ᠲᠠᠷᠠᠠᠭᠠᠯᠠᠯ ᠤᠨ ᠪᠠᠶᠢᠳᠠᠯ ᠢ ᠮᠡᠳᠡᠳᠡᠭ ᠦᠭᠡᠢ᠂ ᠡᠨᠡ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠣᠬᠢᠯᠲᠠ ᠥᠭᠭᠦ ᠳᠤ ᠮᠠᠰᠢ ᠶᠡᠭᠡ ᠬᠦᠴᠢᠷᠳᠡᠯ ᠤᠴᠠᠷᠠᠭᠤᠯᠵᠠᠶ᠃      ᠳᠥᠷᠪᠡ ᠳᠤ᠂ ᠬᠢᠯᠢ ᠠᠯᠤᠰᠯᠠᠭᠰᠠᠨ ᠮᠡᠬᠡᠯᠡᠯ᠃ ᠵᠠᠷᠢᠮ ᠬᠥᠮᠦᠨ ᠬᠢᠯᠢ ᠶᠢᠨ ᠳᠣᠲᠣᠷ᠎ᠠ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠵᠦ ᠬᠢᠯᠢ ᠶᠢᠨ ᠭᠠᠳᠠᠨᠠᠬᠢ ᠬᠥᠮᠦᠨ ᠢ ᠮᠡᠬᠡᠯᠡᠵᠦ ᠪᠠᠶᠢᠨ᠎ᠠ᠂ ᠪᠠᠰᠠ ᠵᠠᠷᠢᠮ ᠨᠢ ᠥᠷᠬᠦᠯᠵᠢ ᠬᠢᠯᠢ ᠶᠢᠨ ᠭᠠᠳᠠᠨ᠎ᠠ ᠠᠴᠠ ᠤᠯᠤᠰ ᠤᠨ ᠳᠣᠲᠣᠭᠠᠳᠤ ᠳᠤ ᠣᠬᠤᠷ ᠮᠡᠳᠡᠭᠡ ᠲᠠᠮᠵᠢᠭᠤᠯᠵᠤ ᠳᠤᠮᠳᠠᠳᠤ ᠤᠯᠤᠰ ᠤᠨ ᠠᠷᠠᠳ ᠤᠯᠠᠨ ᠢ ᠮᠡᠬᠡᠯᠡᠵᠦ ᠪᠠᠶᠢᠨ᠎ᠠ᠂ ᠴᠤᠬᠢᠯᠳᠠ ᠥᠭᠭᠦ ᠬᠦᠴᠢᠷᠳᠡᠯ ᠮᠠᠰᠢ ᠶᠡᠭᠡ᠃      ﹇ᠬᠥᠲᠥᠯᠥᠭᠴᠢ﹈ ᠰᠦᠯᠵᠢᠶᠡᠨ ᠨᠦᠬᠦᠳ ᠠᠰᠠᠭᠤᠵᠤ ᠪᠠᠶᠢᠨ᠎ᠠ᠂ ᠮᠠᠨ ᠤ ᠬᠤᠲᠠ ᠶᠢᠨ ᠣᠯᠠᠨ ᠡᠭᠦᠰᠳᠡᠭ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠲᠤ ᠭᠤᠤᠯᠳᠠᠭᠤ ᠶᠠᠮᠠᠷ ᠶᠠᠮᠠᠷ ᠵᠦᠢᠯ ᠪᠠᠶᠢᠳᠠᠭ ᠪᠣᠶ︖      ﹇ᠪᠠᠶ ᠯᠦᠩ﹈ ᠮᠠᠨ ᠤ ᠬᠤᠲᠠ ᠶᠢᠨ ᠮᠡᠬᠡᠯᠡᠭᠳᠡᠭᠰᠡᠨ ᠬᠦᠮᠦᠨ ᠤᠯᠠᠨ ᠪᠠᠶᠢᠳᠠᠭ ᠦᠳᠡ ᠶᠢᠨ  ᠡᠮᠦᠨᠡᠬᠢ ᠴᠠᠭ ᠤᠨ ᠴᠠᠬᠢᠯᠭᠠᠨ ᠬᠤᠯᠪᠣᠭᠠᠨ ᠤ ᠮᠡᠬᠡᠯᠡᠯ ᠤᠨ ᠲᠥᠷᠥᠯ ᠵᠦᠢᠯ ᠳᠤ᠄      ᠨᠢᠭᠡ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠷ ᠣᠪᠯᠠᠨ᠎ᠠ᠃ ᠬᠤᠬᠢᠷᠠᠯ ᠠᠮᠰᠠᠭᠴᠢ ᠨᠢᠭᠡ ᠵᠠᠭᠠᠯᠳᠤᠯᠭ᠎ᠠ ᠶᠢᠨ ᠳᠠᠩᠰᠠ ᠪᠠᠨ ᠰᠢᠢᠳᠪᠦᠷᠢᠯᠡᠭᠰᠡᠨ ᠦᠭᠡᠢ ᠭᠡᠰᠡᠨ ᠲᠠᠨᠢᠬᠤ ᠦᠭᠡᠢ ᠤᠳᠠᠰᠤ ᠶᠢ ᠲᠤᠰᠴᠤ᠂ ᠲᠡᠭᠦᠨ ᠢ ᠲᠣᠭᠲᠠᠭᠰᠠᠨ ᠤᠲᠠᠰᠤ ᠪᠠᠷ ᠪᠠᠶᠢᠴᠠᠭᠠᠨ ᠯᠠᠪᠯᠠᠬᠤ ᠶᠢ ᠱᠠᠭᠠᠷᠳᠠᠬᠤ ᠪᠦᠭᠡᠳ 114 ᠳᠤ ᠤᠲᠠᠰᠤᠳᠠᠵᠤ ᠪᠠᠶᠢᠴᠠᠭᠠᠨ ᠯᠠᠪᠯᠠᠵᠤ ᠪᠣᠯᠤᠨ᠎ᠠ ᠭᠡᠳᠡᠭ᠃ ᠳᠡᠮᠡᠶ ᠤᠳᠠᠯ ᠦᠭᠡᠢ ᠬᠤᠤᠷ ᠠᠮᠰᠠᠭᠴᠢ ᠪᠠᠰᠠ ᠨᠢᠭᠡ ᠤᠲᠠᠰᠤ ᠲᠤᠰᠤᠨ᠎ᠠ᠂ ᠨᠥᠭᠦᠭᠡ ᠲᠠᠯ᠎ᠠ ᠨᠢ ᠤᠲᠠᠰᠤᠨ ᠤ ᠴᠠᠭᠠᠨ᠎ᠠ ᠠᠴᠠ ᠲᠡᠭᠦᠨ ᠢ ᠨᠢᠭᠡ ᠬᠤᠤᠷ ᠫᠠᠨᠽᠠᠯᠠᠭᠰᠠᠨ ᠬᠡᠷᠡᠭ ᠲᠠᠢ ᠬᠤᠯᠪᠣᠭ᠎ᠠ ᠲᠠᠢ᠂ ᠨᠢᠭᠡ ᠬᠠᠮᠰᠠᠭᠠᠲᠠᠨ ᠨᠢ ᠨᠢᠭᠡᠨᠲᠡ ᠬᠤᠤᠷ ᠠᠮᠰᠠᠭᠴᠢ ᠶᠢ ᠴᠠᠭᠳᠠᠭ᠎ᠠ ᠳᠤ ᠬᠡᠯᠡᠵᠦ ᠭᠠᠷᠭᠠᠭᠰᠠᠨ ᠭᠡᠳᠡᠭ᠂ ᠡᠭᠦᠨ ᠤ ᠬᠠᠮᠳᠤ ᠪᠠᠰᠠ ᠨᠢᠭᠡ ᠰᠦᠯᠵᠢᠶᠡᠨ ᠬᠠᠶ᠋ᠢᠭ ᠦᠭᠭᠦᠨ᠎ᠡ᠂ ᠬᠤᠤᠷ ᠠᠮᠰᠠᠭᠴᠢ ᠨᠡᠭᠡᠭᠡᠵᠦ ᠦᠵᠡᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ︾ ᠶᠢᠨ ᠰᠦᠯᠵᠢᠶ᠎ᠡ ᠢᠯᠡᠷᠡᠬᠦ ᠪᠥᠭᠡᠳ ᠵᠢᠭᠠᠭᠰᠠᠨ ᠶᠣᠰᠣᠭᠠᠷ ᠨᠢ ᠥᠪᠡᠷ ᠤᠨ ᠪᠡᠶ᠎ᠡ ᠲᠠᠢ ᠪᠠᠨ ᠬᠤᠯᠪᠣᠭᠳᠠᠯ ᠪᠦᠬᠦᠢ ᠬᠡᠷᠡᠭ ᠤᠨ ᠮᠠᠲ᠋ᠧᠷᠢᠶᠠᠯ ᠪᠠ ᠪᠠᠷᠢᠪᠴᠢᠯᠠᠬᠤ ᠵᠠᠷᠯᠢᠭ  ᠢ ᠮᠡᠳᠡᠵᠦ ᠣᠯᠳᠠᠭ᠃ ᠬᠠᠮᠤᠭ ᠤᠨ ᠰᠡᠭᠦᠯ ᠳᠤ ᠨᠢ ᠮᠡᠬᠡᠯᠡᠭᠴᠢ ᠬᠤᠬᠢᠷᠠᠯ ᠠᠮᠰᠠᠭᠴᠢ ᠶᠢ ᠲᠣᠭᠲᠠᠭᠰᠠᠨ ᠪᠠᠩᠭᠢ ᠶᠢᠨ ᠲᠠᠩᠰᠠᠨ ᠳᠤ ᠵᠣᠭᠤᠰ ᠭᠤᠪᠢᠭᠤᠯᠬᠤ ᠪᠠᠷ ᠱᠠᠭᠠᠷᠳᠠᠵᠤ ᠬᠦᠷᠦᠩᠭᠡ ᠮᠦᠩᠭᠦ ᠶᠢᠨ ᠲᠥᠪ ᠭᠤᠤᠯᠴᠢ ᠬᠠᠷᠢᠴᠠᠭᠤᠯᠤᠯ ᠬᠢᠨ᠎ᠡ ᠭᠡᠳᠡᠭ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠪᠠᠷ ᠣᠪᠯᠠᠨ ᠤᠳᠠᠰᠤ ᠪᠠᠷ ᠮᠡᠬᠡᠯᠡᠬᠦ ᠨᠢ ᠰᠢᠨ᠎ᠡ ᠰᠡᠪᠡᠭᠦᠨ ᠠᠷᠭ᠎ᠠ ᠪᠠᠷᠢᠯ ᠪᠢᠰᠢ ᠶᠤᠮ᠃ ᠭᠡᠪᠡᠴᠦ ᠬᠡᠳᠦᠷᠬᠡᠢ ᠠᠶᠤᠯᠭᠠᠵᠤ ᠰᠦᠷᠳᠡᠭᠦᠯᠬᠦ ᠴᠢᠨᠠᠷ ᠲᠠᠢ ᠪᠤᠯᠬᠤᠷ ᠡᠨᠡ ᠬᠦ ᠮᠡᠬᠡᠯᠡᠯ ᠢ ᠣᠶᠢᠯᠠᠭᠠᠬᠤ ᠦᠭᠡᠢ ᠪᠤᠶᠤ ᠠᠩᠬ᠎ᠠ ᠤᠳᠠᠭ᠎ᠠ ᠡᠶᠢᠮᠦᠷᠬᠦᠦ ᠤᠲᠠᠰᠤ ᠳᠤᠰᠤᠭᠰᠠᠨ ᠬᠥᠮᠦᠨ ᠳᠤ ᠠᠪᠴᠤ ᠬᠡᠯᠡᠪᠡᠯ ᠲᠤᠩ ᠠᠮᠠᠷᠬᠠᠨ ᠮᠡᠬᠡᠯᠡᠭᠳᠡᠳᠡᠭ᠃      ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠷ ᠣᠪᠯᠠᠭᠰᠠᠨ ᠮᠡᠬᠡᠯᠡᠯ ᠠᠴᠠ ᠰᠡᠷᠭᠡᠶᠢᠯᠡᠬᠦ ᠰᠠᠨᠠᠭᠤᠯᠤᠮᠵᠢ᠄ 1.ᠲᠠᠨᠢᠬᠤ ᠦᠭᠡᠢ ᠬᠥᠮᠦᠨ ᠤ ᠢᠷᠡᠭᠦᠯᠦᠭᠰᠡᠨ ᠤᠲᠠᠰᠤ ᠶᠢ ᠠᠮᠠᠷᠬᠠᠨ ᠢᠲᠡᠭᠡᠵᠦ ᠪᠣᠯᠬᠤ ᠦᠭᠡᠢ᠂ ᠬᠡᠷᠪᠡ ᠵᠠᠷᠢᠮ ᠬᠥᠮᠦᠨ ᠥᠪᠡᠷ ᠢ ᠴᠢᠨᠢ ᠶᠠᠯ᠎ᠠ ᠬᠢᠭᠰᠡᠨ ᠰᠡᠵᠢᠭᠯᠡᠯᠲᠡᠶ ᠭᠡᠵᠦ ᠬᠡᠯᠡᠪᠡᠯ᠂ ᠤᠷᠢᠳ ᠢᠶᠠᠷ 110 ᠳᠤ ᠤᠲᠠᠰᠤᠳᠠᠵᠤ ᠯᠠᠪᠯᠠᠨ ᠠᠰᠠᠭᠤᠬᠤ ᠬᠡᠷᠡᠭᠲᠡᠶ᠂ ᠬᠠᠷᠢᠨ ᠠᠷᠠᠳ ᠤᠨ ᠴᠠᠭᠳᠠᠭ᠎ᠠ ᠶᠢᠨ ᠤᠲᠠᠰᠤ ᠪᠤᠶᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠲᠠᠰᠤ ᠭᠡᠳᠡᠭ ᠢ ᠢᠲᠡᠭᠡᠵᠦ ᠪᠣᠯᠬᠤ ᠦᠭᠡᠢ᠃ 2.ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠪᠠᠶᠢᠭᠤᠯᠭ᠎ᠠ ᠴᠦᠮ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠡᠶᠢᠮᠦ ᠬᠦᠨᠳᠦ ᠶᠡᠭᠡ ᠬᠡᠷᠡᠭ ᠢ ᠤᠳᠠᠰᠤᠳᠠᠬᠤ ᠡᠶᠢᠮᠦᠷᠬᠦᠦ ᠲᠦᠭᠦᠮᠬᠡᠨ ᠬᠡᠯᠪᠡᠷᠢ ᠪᠠᠷ ᠲᠤᠬᠠᠶ ᠶᠢᠨ ᠬᠥᠮᠦᠨ ᠳᠤ ᠮᠡᠳᠡᠭᠳᠡᠬᠦ ᠦᠭᠡᠢ ᠶᠤᠮ᠃ ᠤᠨᠴᠠᠭᠠᠶᠢᠯᠠᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠪᠠᠷᠢᠪᠴᠢᠯᠠᠬᠤ ᠪᠠᠷ ᠵᠠᠷᠯᠠᠭᠳᠠᠭᠰᠠᠨ ᠶᠠᠯᠠᠲᠠᠨ ᠳᠤ ᠤᠳᠠᠰᠤᠳᠠᠵᠤ ᠲᠠᠨ ᠢ ᠨᠢᠭᠡᠨᠲᠡ ᠪᠠᠷᠢᠪᠴᠢᠯᠠᠬᠤ ᠪᠠᠷ ᠵᠠᠯᠠᠷᠠᠭᠰᠠᠨ ᠭᠡᠵᠦ ᠬᠡᠯᠡᠬᠦ ᠪᠤᠯᠤᠯᠴᠠᠭ᠎ᠠ ᠦᠭᠡᠢ᠃ ᠤᠴᠢᠷ ᠨᠢ ᠡᠨᠡ ᠨᠢ ᠪᠠᠷᠢᠪᠴᠢᠯᠠᠬᠤ ᠪᠠᠷ ᠵᠠᠷᠯᠠᠭᠳᠠᠭᠰᠠᠨ ᠶᠠᠯᠠᠲᠠᠨ ᠳᠤ ᠬᠤᠷᠳᠤᠨ ᠳᠤᠲᠠᠭᠠᠬᠤ ᠶᠢ ᠮᠡᠳᠡᠭᠳᠡᠵᠦ ᠪᠠᠶᠢᠭ᠎ᠠ ᠪᠢᠰᠢ ᠤᠤ︖ 3.ᠡᠶᠢᠮᠦᠷᠬᠦᠤ ᠰᠦᠷᠳᠡᠭᠦᠯᠦᠯ ᠤᠨ ᠤᠲᠠᠰᠤ ᠶᠢ ᠲᠤᠰᠤᠪᠠᠯ ᠬᠡᠲᠦᠷᠬᠡᠶ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠠᠴᠠ ᠪᠠᠨ ᠯᠠᠪᠯᠠᠨ ᠠᠰᠠᠭᠤᠳᠠᠭ ᠯᠠ ᠶᠤᠮ ᠪᠣᠯ ᠶᠡᠷᠦ ᠳᠡᠭᠡᠨ ᠮᠠᠰᠢ ᠲᠦᠷᠭᠡᠨ ᠢᠶᠠᠷ ᠮᠡᠬᠡᠯᠡᠯ ᠢ ᠨᠢ  ᠮᠡᠳᠡᠴᠢᠬᠡᠳᠡᠭ ᠶᠤᠮ᠃ 4.ᠲᠠᠨᠢᠯ ᠪᠤᠰᠤ ᠤᠲᠠᠰᠤᠨ ᠳ᠋ᠤᠭᠠᠷ ᠢ ᠰᠦᠯᠵᠢᠶᠡᠨ ᠳᠡᠭᠡᠷ᠎ᠡ ᠠᠴᠠ ᠡᠷᠢᠵᠦ ᠯᠠᠪᠯᠠᠨ᠂ ᠦᠨᠡᠨ ᠬᠤᠳᠠᠯ ᠢ ᠨᠢ ᠰᠢᠯᠭᠠᠵᠤ ᠪᠣᠯᠤᠨ᠎ᠠ᠃ ᠬᠡᠷᠪᠡ ᠭᠠᠷ ᠤᠲᠠᠰᠤᠨ ᠤ ᠠᠮᠤᠷ ᠲᠦᠪᠰᠢᠨ ᠤ ᠵᠥᠭᠡᠯᠡᠨ ᠲᠣᠨᠤᠭ ᠲᠦᠭᠰᠢᠭᠦᠷᠢ ᠶᠢ ᠨᠢᠭᠡᠨᠲᠡ ᠰᠠᠨᠠᠭᠤᠯᠤᠭᠰᠠᠨ ᠪᠠᠶᠢᠪᠠᠯ᠂ ᠡᠨᠡ ᠤᠲᠠᠰᠤ ᠶᠢ ᠶᠠᠭᠠᠬᠢᠭᠰᠠᠨ ᠴᠤ ᠢᠲᠡᠭᠡᠵᠦ ᠪᠣᠯᠬᠤ ᠦᠭᠡᠢ᠃      ᠬᠤᠶᠠᠷ᠂ ᠰᠦᠯᠵᠢᠶᠡᠨ ᠳᠡᠯᠭᠡᠭᠦᠷ ᠤᠨ ᠢᠲᠡᠭᠡᠯ ᠢ ᠨᠡᠮᠡᠭᠳᠡᠬᠦᠯᠬᠦ ᠮᠡᠬᠡᠯᠡᠯ᠃ ᠡᠶᠢᠮᠦᠷᠬᠦᠤ ᠬᠡᠷᠡᠭ ᠤᠨ ᠬᠤᠤᠷ ᠠᠮᠰᠠᠭᠴᠢ ᠶᠢᠨ ᠣᠯᠠᠩᠬᠢ ᠨᠢ ᠰᠤᠷᠤᠭᠴᠢ ᠪᠠ ᠠᠵᠢᠯ ᠦᠭᠡᠢ ᠬᠥᠮᠦᠰ᠂ ᠡᠳᠡᠭᠡᠷ ᠬᠥᠮᠦᠰ ᠠᠵᠢᠯ ᠤᠯᠬᠤ ᠪᠠᠷ ᠶᠠᠭᠠᠷᠠᠵᠤ ᠪᠠᠶᠢᠭ᠎ᠠ ᠳᠤ ᠬᠠᠨᠳᠤᠭᠤᠯᠤᠨ᠂ ᠶᠠᠯ᠎ᠠ ᠬᠢᠬᠦ ᠰᠡᠵᠢᠭᠲᠡᠨ ︽ᠰᠦᠯᠵᠢᠶᠡᠨ ᠠᠵᠢᠯ ᠬᠠᠪᠰᠤᠷᠭᠠᠬᠤ ᠠᠵᠢᠯᠳᠠᠨ ᠡᠯᠰᠡᠨ᠎ᠡ᠂ ᠰᠦᠯᠵᠢᠶᠡᠨ ᠲᠡᠯᠭᠡᠭᠦᠷ ᠤᠨ ᠡᠵᠡᠩᠨᠡᠭᠴᠢ ᠳᠤ ᠬᠠᠪᠰᠤᠷᠤᠨ ᠢᠲᠡᠭᠡᠯ ᠬᠦᠨᠳᠦ ᠶᠢ ᠨᠢ ᠨᠡᠮᠡᠭᠳᠡᠭᠦᠯᠵᠦ᠂ ᠳᠤᠮᠳᠠ ᠠᠴᠠ ᠨᠢ ᠮᠥᠩᠭᠦ ᠣᠯᠵᠤ ᠪᠣᠯᠤᠨ᠎ᠠ︾ ᠭᠡᠳᠡᠭ᠂ ᠬᠤᠤᠷ ᠠᠮᠰᠠᠭᠴᠢ ᠢᠳᠡᠭᠡᠭᠰᠡᠨ ᠤ ᠲᠠᠷᠠᠭ᠎ᠠ ᠶᠠᠯ᠎ᠠ ᠬᠢᠬᠦ ᠰᠡᠵᠢᠭᠲᠡᠨ ᠬᠤᠤᠷ ᠠᠮᠰᠠᠭᠴᠢ ᠪᠠᠷ ᠲᠤᠭᠳᠠᠭᠰᠠᠨ ᠲᠡᠯᠭᠡᠭᠦᠷ ᠤᠨ ᠪᠦᠳᠦᠭᠡᠭᠳᠡᠭᠦᠨ ᠪᠤᠶᠤ ᠲᠤᠭᠳᠠᠭᠰᠠᠨ ᠬᠤᠳᠠᠯᠳᠤᠭᠠᠨ ᠤ ᠭᠠᠵᠠᠷ ᠤᠨ ᠺᠠᠷᠲ ᠢ ᠬᠠᠭᠤᠷᠮᠠᠭᠯᠠᠨ ᠬᠤᠳᠠᠯᠳᠤᠨ ᠠᠪᠤᠭᠤᠯᠳᠠᠭ᠃ ᠡᠮᠦᠨᠡᠬᠢ ᠬᠤᠭᠤᠴᠠᠭᠠᠨ ᠳᠤ ᠬᠤᠤᠷ ᠠᠮᠰᠠᠭᠴᠢ ᠳᠤ ᠪᠠᠭ᠎ᠠ ᠠᠰᠢᠭ ᠢ ᠨᠢ ᠪᠤᠴᠠᠭᠠᠨ ᠥᠭᠴᠦ᠂ ᠬᠤᠤᠷ ᠠᠮᠰᠠᠭᠴᠢ ᠶᠢᠨ ᠢᠲᠡᠭᠡᠯ ᠢ ᠣᠯᠤᠭᠰᠠᠨ ᠤ ᠳᠠᠷᠠᠭ᠎ᠠ᠂ ᠬᠤᠤᠷ ᠠᠮᠰᠠᠭᠴᠢ ᠶᠢ ᠦᠷᠭᠦᠯᠵᠢᠯᠡᠨ ᠨᠡᠩ ᠦᠨᠡᠳᠡᠢ ᠪᠠᠷᠠᠭ᠎ᠠ ᠠᠪᠤᠭᠤᠯᠬᠤ ᠪᠠᠷ ᠱᠠᠭᠠᠷᠳᠠᠵᠤ ᠡᠭᠦᠨ ᠤ ᠤᠯᠠᠮ ᠠᠴᠠ ᠲᠡᠳᠡᠨ ᠢ ᠮᠡᠬᠡᠯᠡᠳᠡᠭ᠃ ᠡᠨᠡ ᠲᠥᠷᠥᠯ ᠤᠨ ᠬᠡᠷᠡᠭ ᠤᠨ ᠰᠡᠵᠢᠭᠳᠡᠨ ᠤ ᠣᠯᠠᠩᠬᠢ ᠨᠢ Q Q ᠣᠷᠣᠨ ᠵᠠᠶ᠂ ᠲᠤᠰᠢᠶᠠᠯ ᠬᠠᠪᠰᠤᠷᠭᠠᠬᠤ Q Q ᠪᠦᠯᠦᠭ᠂ ᠰᠦᠯᠵᠢᠶᠡᠨ ᠤ ᠨᠢᠭᠤᠷ ᠤᠨ ᠬᠠᠷᠢᠮᠠᠬᠠᠶ ᠴᠣᠩᠬᠤ᠂ ᠲᠤᠰᠢᠶᠠᠯ ᠬᠠᠪᠰᠤᠷᠭᠠᠬᠤ ᠠᠵᠢᠯᠲᠠᠨ ᠡᠯᠰᠡᠬᠦ ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠲᠤᠰᠢᠶᠠᠯ ᠬᠠᠪᠰᠤᠷᠭᠠᠬᠤ ᠮᠡᠳᠡᠭᠡ ᠵᠠᠩᠭᠢ ᠨᠡᠶᠢᠳᠡᠯᠡᠳᠡᠭ᠃      ᠰᠦᠯᠵᠢᠶᠡᠨ ᠳᠡᠯᠭᠡᠭᠦᠷ ᠤᠨ ᠢᠲᠡᠭᠡᠮᠵᠢ ᠶᠢᠨ ᠮᠡᠬᠡᠯᠡᠯ ᠳᠤ ᠴᠢᠭᠯᠡᠭᠦᠯᠦᠨ᠄ ᠠᠵᠢᠯ ᠡᠷᠢᠭᠰᠡᠳ ᠰᠦᠯᠵᠢᠶᠡᠨ ᠳᠡᠭᠡᠷᠡᠬᠢ ︽ᠥᠨᠳᠥᠷ  ᠬᠦᠯᠦᠰᠦ ᠤᠯᠭᠤᠮᠵᠢ︾ ︽ᠤᠷᠢᠳ ᠢᠶᠠᠷ ᠣᠷᠣᠯᠠᠨ ᠥᠭᠬᠦ︾ ᠵᠡᠷᠭᠡ ᠲᠤᠰᠢᠶᠠᠯ ᠬᠠᠪᠰᠤᠷᠭᠠᠬᠤ ᠠᠵᠢᠯ ᠢ ᠠᠮᠠᠷᠬᠠᠨ ᠢᠲᠡᠭᠡᠵᠦ ᠪᠣᠯᠬᠤ ᠥᠬᠡᠶ᠂ ᠤᠳᠠᠰᠤ ᠪᠠ ᠠᠵᠢᠯᠯᠠᠬᠤ ᠬᠠᠶ᠋ᠢᠭ ᠦᠯᠡᠳᠡᠭᠡᠭᠰᠡᠨ ᠥᠬᠡᠶ ᠠᠵᠢᠯᠲᠠᠨ ᠡᠯᠰᠡᠬᠦ ᠵᠠᠷ ᠢ ᠠᠮᠠᠷᠬᠠᠨ ᠢᠲᠡᠭᠡᠵᠦ ᠪᠣᠯᠬᠤ ᠥᠬᠡᠶ᠃      ﹇ᠪᠠᠶ ᠯᠦᠩ﹈ ᠭᠤᠷᠪᠠ᠂ ᠵᠢᠭᠡᠯᠡᠯᠭᠡ ᠲᠠᠯᠪᠢᠬᠤ᠂ ᠢᠲᠡᠭᠡᠮᠵᠢ ᠶᠢᠨ ᠺᠠᠷᠲ ᠤᠷᠤᠯᠠᠨ ᠬᠦᠢᠴᠡᠳᠭᠡᠬᠦ ᠮᠡᠬᠡᠯᠡᠯ᠃ ᠶᠠᠯᠠᠲᠤ ᠡᠲᠡᠭᠡᠳ ᠨᠡᠶᠢᠲᠡ ᠳᠤ ᠨᠢ ᠮᠡᠳᠡᠭᠡ ᠲᠠᠷᠬᠠᠭᠠᠬᠤ ᠬᠡᠯᠪᠡᠷᠢ ᠪᠠᠷ ᠮᠦᠩᠭᠦ ᠲᠤᠳᠠᠭᠳᠠᠵᠤ ᠪᠠᠶᠢᠭ᠎ᠠ ᠬᠦᠮᠦᠨ ᠳᠤ ᠵᠢᠭᠡᠯᠡᠯᠭᠡ ᠲᠠᠯᠪᠢᠬᠤ ᠪᠤᠶᠤ ᠶᠡᠭᠡ ᠲᠣᠭᠠᠨ ᠤ ᠮᠦᠩᠭᠦ ᠲᠠᠢ ᠢᠲᠡᠭᠡᠮᠵᠢ ᠶᠢᠨ ᠺᠠᠷᠲ ᠢ ᠣᠷᠣᠯᠠᠨ ᠬᠦᠢᠴᠡᠳᠭᠡᠵᠦ ᠦᠭᠭᠦᠨ᠎ᠡ᠂ ᠰᠠᠷ᠎ᠠ ᠶᠢᠨ ᠬᠦᠤ ᠮᠥᠩᠭᠦ ᠨᠢ ᠳᠣᠤᠷ᠎ᠠ᠂ ᠪᠠᠲᠤᠯᠠᠭ᠎ᠠ ᠬᠢᠬᠦ ᠴᠢᠬᠤᠯᠠ ᠦᠭᠡᠢ ᠭᠡᠵᠦ ᠬᠡᠯᠡᠳᠡᠭ᠃ ᠬᠡᠷᠪᠡ ᠦᠨᠡᠮᠰᠢᠬᠦ ᠳᠤ ᠬᠦᠷᠪᠡᠯ ᠨᠥᠬᠦᠭᠡ ᠡᠲᠡᠭᠡᠳ ᠨᠢ ᠬᠦᠤ ᠮᠥᠩᠭᠦ᠂ ᠭᠠᠷ ᠬᠦᠢᠴᠡᠳᠭᠡᠯ ᠤᠨ ᠰᠦᠢᠳᠭᠡᠯ᠂ ᠪᠠᠲᠤᠯᠠᠭ᠎ᠠ ᠶᠢᠨ ᠮᠥᠩᠭᠦ ᠵᠡᠷᠭᠡ ᠶᠢ ᠤᠷᠢᠳᠴᠢᠯᠠᠨ ᠲᠣᠭᠠᠴᠠᠭ᠎ᠠ ᠬᠢᠬᠦ ᠨᠡᠷ᠎ᠡ ᠪᠠᠷ ᠮᠡᠬᠡᠯᠡᠳᠡᠭ᠃      ᠮᠡᠬᠡᠯᠡᠭᠳᠡᠬᠦ ᠠᠴᠠ ᠰᠡᠷᠭᠡᠶᠢᠯᠡᠬᠦ ᠰᠠᠨᠠᠭᠤᠯᠤᠮᠵᠢ᠄ ᠣᠶᠤᠨᠴᠢ ᠪᠠᠷ ᠵᠢᠭᠡᠯᠡᠯᠭᠡ᠂ ᠢᠲᠡᠭᠡᠮᠵᠢ ᠶᠢᠨ ᠺᠠᠷᠲ ᠠᠪᠬᠤ ᠬᠡᠷᠡᠭᠳᠡᠢ᠂ ᠡᠯ᠎ᠡ ᠲᠥᠷᠥᠯ ᠤᠨ ᠵᠢᠭᠡᠯᠡᠯᠭᠡ ᠶᠢᠨ ᠵᠠᠭᠤᠴᠢ ᠶᠢᠨ ᠮᠡᠬᠡᠯᠡᠯ ᠢ ᠢᠲᠡᠭᠡᠵᠦ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠵᠠᠳᠠᠷᠠᠭᠤᠯᠵᠤ ᠪᠣᠯᠬᠤ ᠥᠬᠡᠶ᠂ ᠨᠥᠬᠦᠭᠡ ᠡᠲᠡᠭᠡᠳ ᠲᠡᠭᠡᠨ ᠬᠢᠯᠪᠠᠷᠬᠠᠨ ᠢᠶᠠᠷ ᠮᠦᠩᠭᠦ ᠭᠤᠪᠢᠭᠤᠯᠵᠤ ᠪᠣᠯᠬᠤ ᠥᠬᠡᠶ᠂ ᠵᠢᠭᠡᠯᠡᠯᠭᠡ᠂ ᠢᠲᠡᠭᠡᠮᠵᠢ ᠶᠢᠨ ᠺᠠᠷᠲ ᠤᠨ ᠬᠢᠷᠢ ᠬᠡᠮ ᠪᠦᠬᠦᠢ ᠵᠢᠩᠬᠢᠨᠢ ᠪᠠᠩᠬᠢ ᠪᠤᠶᠤ ᠨᠡᠷᠡᠲᠦ ᠰᠦᠯᠵᠢᠶᠡᠨ ᠤ ᠵᠢᠭᠡᠯᠡᠯᠭᠡ ᠶᠢᠨ ᠺᠣᠮᠫᠠᠨᠢ ᠪᠠᠷ ᠳᠠᠮᠵᠢᠨ᠂ ᠵᠢᠩᠭᠢᠨᠢ ᠲᠠᠷᠠᠭᠠᠯᠠᠯ ᠢᠶᠠᠷ ᠭᠠᠷ ᠭᠦᠢᠴᠡᠳᠭᠡᠯ ᠬᠦᠢᠴᠡᠳᠭᠡᠬᠦ ᠬᠡᠷᠡᠭᠳᠡᠢ᠃      ᠳᠥᠷᠪᠡ᠂ ᠨᠠᠶᠢᠵᠠᠯᠠᠵᠤ ᠵᠣᠭᠤᠰ ᠨᠠᠭᠠᠳᠬᠤ᠂ ᠪᠡᠯᠡ ᠤᠷᠤᠭᠤᠯᠬᠤ ᠪᠠᠷ ᠦᠳᠦᠭᠡᠵᠦ ᠮᠡᠬᠡᠯᠡᠬᠦ᠃ ᠶᠠᠭᠤᠨ ᠤ ᠡᠮᠦᠨ᠎ᠡ ᠰᠡᠵᠢᠭᠲᠡᠨ 30 ᠨᠠᠰᠤᠨ ᠠᠴᠠ ᠳᠡᠭᠡᠭᠰᠢᠬᠢ ᠬᠥᠮᠦᠰ ᠢ ᠡᠷᠢᠳᠡᠭ᠂ ᠡᠨᠡ ᠨᠠᠰᠤᠨ ᠤ ᠮᠡᠬᠡᠯᠡᠭᠳᠡᠭᠰᠡᠳ ᠶᠡᠷᠦ ᠳᠡᠭᠡᠨ ᠪᠦᠷ ᠠᠵᠤ ᠠᠬᠤᠢ ᠶᠢᠨ ᠰᠠᠭᠤᠷᠢ ᠲᠠᠢ᠂ ᠬᠠᠶᠢᠷ᠎ᠠ ᠰᠡᠳᠬᠢᠯᠭᠡ ᠳᠤ ᠵᠣᠬᠢᠬᠤ ᠱᠠᠭᠠᠷᠳᠠᠯᠭ᠎ᠠ ᠲᠠᠢ ᠪᠠᠶᠢᠳᠠᠭ᠂ ᠡᠶᠢᠮᠦ ᠠᠴᠠ ᠲᠡᠳᠡᠨ ᠤ ᠱᠠᠭᠠᠷᠳᠠᠯᠭ᠎ᠠ ᠳᠤ ᠨᠡᠶᠢᠴᠡᠵᠦ᠂ ᠡᠶᠢᠮᠦᠷᠬᠦᠤ ᠬᠥᠮᠦᠰ ᠢ ᠬᠠᠷᠠᠯᠲᠠ ᠪᠠᠨ ᠪᠣᠯᠭᠠᠳᠠᠭ᠃ ᠰᠠᠶᠢᠨ ᠨᠠᠶᠢᠵᠠ ᠨᠡᠮᠡᠵᠦ ᠠᠪᠤᠭᠰᠠᠨ ᠤ ᠳᠠᠷᠠᠭ᠎ᠠ ᠤᠶᠢᠷᠠᠳᠤᠵᠤ᠂ ᠳᠠᠬᠢᠨ ᠳᠠᠪᠲᠠᠨ ᠵᠤᠭᠤᠭᠳᠠᠨ᠂ ᠬᠤᠤᠷ ᠠᠮᠰᠠᠭᠴᠢ ᠶᠢᠨ ᠢᠲᠡᠭᠡᠯ ᠢ ᠣᠯᠵᠤ᠂ ᠴᠢᠨᠠᠭᠰᠢᠯᠠᠪᠠᠯ ᠴᠢᠮ᠎ᠠ ᠶᠢ ᠲᠦᠢᠯ ᠢᠶᠠᠷ ᠬᠠᠯᠠᠮᠵᠢᠯᠠᠵᠤ᠂ ᠴᠢᠮ᠎ᠠ ᠲᠠᠢ ᠢᠨᠠᠭᠯᠠᠬᠤ ᠬᠠᠷᠢᠴᠠᠭ᠎ᠠ ᠪᠠᠨ ᠲᠤᠭᠲᠠᠭᠠᠵᠤ᠂ ᠲᠡᠭᠦᠨ ᠳᠤ ᠨᠠᠩ ᠭᠦᠨ ᠢᠲᠡᠭᠡᠯ ᠲᠠᠢ ᠪᠣᠯᠭᠠᠨ᠎ᠠ᠃ ᠬᠠᠷᠢᠴᠠᠭ᠎ᠠ ᠲᠣᠭᠲᠠᠭᠤᠨ ᠪᠣᠯᠤᠭᠰᠠᠨ ᠤ ᠳᠠᠷᠠᠭ᠎ᠠ᠂ ᠮᠡᠬᠡᠯᠡᠭᠴᠢ ᠴᠢᠮ᠎ᠠ ᠶᠢ ᠥᠪᠡᠷ ᠤᠨ ᠬᠢᠨᠢ ᠬᠢᠭᠰᠡᠨ ᠲᠠᠪᠴᠠᠩ ᠠᠴᠠ ᠰᠲ᠋ᠣᠺ ᠬᠤᠳᠠᠯᠳᠤᠨ ᠠᠪᠤᠭᠤᠯᠬᠤ ᠪᠠᠷ ᠦᠳᠦᠭᠡᠳᠡᠭ᠂ ᠣᠯᠠᠩᠬᠢ ᠬᠥᠮᠦᠰ ᠪᠠᠭ᠎ᠠ ᠲᠣᠭᠠᠨ ᠤ ᠪᠡᠯᠡ ᠣᠷᠣᠭᠤᠯᠬᠤ ᠪᠠᠷ ᠲᠤᠷᠰᠢᠳᠠᠭ᠂ ᠮᠡᠬᠡᠯᠡᠭᠴᠢ ᠠᠷᠤ ᠲᠠᠪᠴᠠᠩ  ᠳᠤ ᠤᠷᠤᠯᠳᠤᠬᠤ ᠪᠠᠷ ᠳᠠᠮᠵᠢᠨ᠂ ᠴᠢᠮ᠎ᠠ ᠳᠤ ᠪᠠᠭ᠎ᠠ ᠰᠠᠭ᠎ᠠ ᠮᠦᠩᠭᠦ ᠣᠯᠣᠭᠤᠯᠤᠨ᠎ᠠ᠃ ᠴᠢ ᠠᠰᠢᠭ ᠬᠦᠷᠲᠡᠭᠰᠡᠨ ᠤ ᠳᠠᠷᠠᠭ᠎ᠠ᠂ ᠮᠡᠬᠡᠯᠡᠭᠴᠢ ᠦᠪᠡᠷ ᠢᠶᠠᠨ ᠡᠨᠡ ᠬᠦ ᠰᠲ᠋ᠣᠺ ᠤᠨ A P P ᠶᠢᠨ ᠵᠢᠮ᠎ᠡ ᠶᠣᠰᠣ ᠶᠢ ᠨᠢᠭᠡᠨᠲᠡ ᠡᠵᠡᠮᠰᠢᠵᠦ᠂ ᠲᠡᠭᠦᠨ ᠢ ᠳᠠᠭᠠᠵᠤ ᠪᠡᠯᠡ ᠣᠷᠣᠭᠤᠯᠪᠠᠯ ᠯᠠᠪᠲᠠᠶ ᠬᠤᠨᠵᠢᠨ᠎ᠠ ᠭᠡᠳᠡᠭ᠃ ᠡᠨᠡ ᠦᠶ᠎ᠡ ᠳᠤ᠂ ᠲᠠ ᠨᠢᠭᠡᠨᠲᠡ ᠪᠠᠲᠤ ᠢᠲᠡᠭᠡᠵᠦ᠂ ᠶᠡᠭᠡ ᠬᠡᠮᠵᠢᠶᠡᠨ ᠤ ᠪᠡᠯᠡ ᠤᠷᠤᠭᠤᠯᠳᠠᠭ᠃ ᠬᠤᠤᠷ ᠠᠮᠰᠠᠭᠴᠢ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠤᠭᠰᠠᠨ ᠤ ᠲᠠᠷᠠᠭ᠎ᠠ᠂ ᠲᠠᠪᠴᠠᠩ ᠤᠨ ᠵᠤᠭᠤᠰ ᠤᠨ ᠲᠤᠭ᠎ᠠ ᠨᠡᠮᠡᠭᠳᠡᠭᠰᠡᠨ ᠦᠭᠡᠢ ᠪᠠᠶᠢᠬᠤ ᠶᠢ ᠣᠯᠵᠤ ᠦᠵᠡᠭᠡᠳ ᠳᠣᠲᠣᠷᠠᠬᠢ ᠮᠦᠩᠭᠦ  ᠶᠢ ᠪᠡᠯᠡᠨ ᠵᠤᠭᠤᠰ ᠪᠤᠯᠭᠠᠨ ᠭᠠᠷᠭᠠᠨ ᠠᠪᠬᠤ ᠪᠠᠷ ᠪᠡᠯᠡᠳᠭᠡᠳᠡᠭ᠂ ᠭᠡᠪᠡᠴᠦ ᠭᠠᠷᠭᠠᠵᠤ ᠠᠪᠬᠤ ᠠᠷᠭ᠎ᠠ ᠦᠭᠡᠢ ᠪᠤᠯᠤᠭᠰᠠᠨ ᠢᠶᠠᠨ ᠣᠯᠵᠤ ᠮᠡᠳᠡᠳᠡᠭ᠃ ᠳᠠᠬᠢᠨ ᠡᠰᠡᠷᠭᠦ ᠡᠲᠡᠭᠡᠳ ᠲᠠᠢ ᠪᠠᠨ ᠬᠠᠷᠢᠯᠴᠠᠬᠤ ᠦᠶ᠎ᠡ ᠳᠤ᠂ ᠮᠡᠬᠡᠯᠡᠭᠴᠢ ᠨᠢᠭᠡᠨᠲᠡ ᠣᠷᠣ ᠮᠥᠷ ᠦᠭᠡᠢ ᠠᠷᠢᠯᠤᠵᠠᠢ᠃ ᠬᠤᠬᠢᠷᠠᠯ ᠠᠮᠰᠠᠭᠴᠢ ᠭᠡᠨᠡᠳᠲᠡ ᠤᠬᠠᠭᠠᠷᠠᠵᠤ᠂ ᠮᠡᠬᠡᠯᠡᠭᠳᠡᠭᠰᠡᠨ ᠢᠶᠠᠨ ᠮᠡᠳᠡᠭᠰᠡᠨ ᠤ ᠳᠠᠷᠠᠭ᠎ᠠ᠂ ᠵᠣᠭᠤᠰ ᠨᠢᠭᠡᠨᠲᠡ ᠮᠡᠬᠡᠯᠡᠭᠴᠢ ᠶᠢᠨ ᠬᠠᠷᠮᠠᠨ ᠳᠤ ᠤᠷᠤᠴᠢᠬᠠᠭᠰᠠᠨ ᠪᠠᠶᠢᠳᠠᠭ᠃ ᠡᠶᠢᠮᠦᠷᠬᠦᠤ ᠮᠡᠬᠡᠯᠡᠯ ᠤᠨ ᠪᠠᠰᠠ ᠨᠢᠭᠡ ᠬᠠᠮᠤᠭ ᠤᠨ ᠴᠢᠬᠤᠯᠠ ᠳᠤᠲᠠᠭᠳᠠᠯ ᠭᠡᠪᠡᠯ ᠳᠠᠷᠤᠶ ᠵᠣᠭᠤᠰ ᠬᠤᠷᠢᠶᠠᠵᠤ ᠤᠯᠳᠠᠭ ᠨᠢ ᠶᠡᠷᠦ ᠳᠡᠭᠡᠨ ᠦᠨᠡᠲᠦ ᠲᠡᠮᠳᠡᠭᠲᠦ ᠶᠢᠨ ᠺᠣᠮᠫᠠᠨᠢ ᠪᠢᠰᠢ᠂ ᠬᠠᠷᠢᠨ ᠬᠤᠪᠢ ᠬᠥᠮᠦᠨ ᠤ ᠲᠠᠩᠰᠨ ᠪᠠᠶᠢᠳᠠᠭ᠃ ᠬᠡᠷᠪᠡ ᠮᠦᠩᠭᠦ ᠨᠢ ᠦᠨᠡᠬᠡᠷ ᠦᠨᠡᠲᠦ ᠲᠡᠮᠳᠡᠭᠲᠦ ᠶᠢᠨ ᠺᠣᠮᠫᠠᠨᠢ ᠶᠢᠨ ᠳᠠᠩᠰᠠᠨ ᠳᠤ ᠤᠷᠤᠭᠰᠠᠨ ᠪᠠᠶᠢᠪᠠᠯ᠂ ᠦᠨᠡᠲᠦ ᠲᠡᠮᠳᠡᠭᠲᠦ ᠶᠢᠨ ᠺᠣᠮᠫᠠᠨᠢ ᠳᠤ ᠱᠠᠭᠠᠷᠳᠠᠯᠭ᠎ᠠ ᠲᠤᠷᠠᠳᠬᠤ ᠳᠤ ᠬᠦᠷᠪᠡᠯ᠂ ᠮᠦᠩᠭᠦ ᠪᠠᠨ ᠪᠤᠴᠠᠭᠠᠵᠤ ᠠᠪᠴᠤ ᠪᠤᠯᠳᠠᠭ᠃      ᠮᠡᠭᠡᠯᠡᠭᠳᠡᠬᠦ ᠠᠴᠠ ᠰᠡᠷᠭᠡᠶᠢᠯᠡᠬᠦ ᠰᠠᠨᠠᠭᠤᠯᠤᠮᠵᠢ᠄ 1. ᠶᠠᠮᠠᠷᠪᠠ ᠬᠤᠪᠢ ᠲᠠᠨᠢᠯᠴᠠᠭᠤᠯᠬᠤ᠂ ᠬᠤᠪᠢ ᠰᠣᠩᠭᠤᠬᠤ ᠮᠡᠳᠡᠭᠡ ᠵᠠᠩᠭᠢ ᠶᠢ ᠢᠲᠡᠭᠡᠵᠦ ᠪᠣᠯᠬᠤ ᠦᠭᠡᠢ᠂ ᠡᠳᠡᠭᠡᠷ ᠮᠡᠳᠡᠭᠡ ᠵᠠᠩᠭᠢ ᠨᠢ ᠰᠦᠯᠵᠢᠶᠡᠨ ᠥᠷᠲᠡᠭᠡ᠂ Q Q᠂ ᠣᠬᠤᠷ ᠴᠢᠮᠡᠭᠡ ᠪᠤᠶᠤ ᠤᠳᠠᠰᠤ ᠠᠴᠠ ᠢᠷᠡᠭᠰᠡᠨ ᠴᠦ ᠪᠣᠯᠤᠭ᠃ 2 .ᠲᠠᠨᠢᠬᠤ ᠦᠭᠡᠢ ᠬᠥᠮᠦᠨ ᠤ  ᠤᠳᠠᠰᠤ ᠶᠢ ᠠᠮᠠᠷᠬᠠᠨ ᠢᠳᠡᠭᠡᠵᠦ ᠪᠤᠯᠬᠤ ᠦᠭᠡᠢ᠂ ᠦᠪᠡᠷ ᠢ ᠪᠠᠨ ᠶᠠᠮᠠᠷ ᠶᠠᠮᠠᠷ ᠦᠨᠡᠲᠦ ᠲᠡᠮᠳᠡᠭᠲᠦ ᠶᠢᠨ ᠺᠣᠮᠫᠠᠨᠢ ᠶᠢᠨ ᠬᠢᠨ ᠭᠡᠰᠡᠨ ᠤᠳᠠᠰᠤ ᠲᠠᠢ ᠲᠠᠭᠠᠷᠠᠯᠳᠤᠪᠠᠯ᠂ ᠤᠲᠠᠰᠤᠨ ᠨᠣᠮᠧᠷ ᠨᠢ ᠦᠨᠡᠬᠡᠷ ᠦᠨᠡᠲᠦ ᠲᠡᠮᠳᠡᠭᠲᠦ ᠶᠢᠨ ᠺᠣᠮᠫᠠᠨᠢ ᠶᠢᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠳ᠋ᠤᠭᠠᠷ ︵ᠤᠴᠢᠷ ᠨᠢ ᠳ᠋ᠤᠭᠠᠷ ᠰᠣᠯᠢᠬᠤ ᠵᠥᠭᠡᠯᠡᠨ ᠲᠣᠨᠤᠭ ᠪᠠᠶᠢᠬᠤ ᠤᠴᠢᠷ ᠠᠴᠠ︶ ᠪᠠᠶᠢᠭᠰᠠᠨ ᠴᠤ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠳ᠋ᠤᠭᠠᠷ ᠲᠤ ᠪᠤᠴᠠᠭᠠᠵᠤ ᠤᠳᠠᠰᠤᠳᠠᠬᠤ ᠠᠷᠭ᠎ᠠ ᠮᠠᠶ᠋ᠢᠭ ᠢᠶᠠᠷ ᠭᠡᠷᠡᠴᠢᠯᠡᠨ᠎ᠡ᠃ 3.ᠲᠠᠨᠢᠬᠤ ᠦᠭᠡᠢ ᠬᠤᠪᠢ ᠬᠥᠮᠦᠨ ᠤ ᠳᠠᠩᠰᠠᠨ ᠳ᠋ᠤᠭᠠᠷ ᠲᠤ  ᠮᠦᠩᠭᠦ ᠶᠠᠪᠤᠭᠤᠯᠵᠤ ᠪᠤᠯᠬᠤ ᠦᠭᠡᠢ᠂ ᠠᠷᠠᠯᠵᠢᠶᠠᠨ ᠤ ᠦᠢᠯᠡ ᠠᠵᠢᠯᠯᠠᠭ᠎ᠠ ᠲᠣᠬᠢᠶᠠᠯᠳᠤᠪᠠᠯ᠂ ᠠᠵᠤ ᠠᠬᠤᠶᠢᠯᠠᠯ ᠤᠨ ᠠᠯᠪᠠᠨ ᠤ ᠲᠠᠯ᠎ᠠ ᠶᠢᠨ ᠳᠠᠩᠰᠠᠨ ᠳ᠋ᠤᠭᠠᠷ ᠲᠤ ᠮᠦᠩᠭᠦ ᠭᠤᠪᠢᠭᠤᠯᠵᠤ ᠲᠣᠭᠠᠴᠠᠭ᠎ᠠ ᠬᠢᠬᠦ ᠬᠡᠷᠡᠭᠲᠡᠶ᠃ 4 .ᠶᠠᠮᠠᠷᠪᠠ ᠡᠯᠧᠺᠲᠷᠣᠨ ᠬᠡᠯᠪᠡᠷᠢ ᠶᠢᠨ ᠦᠨᠡᠮᠯᠡᠯ᠂ ᠦᠢᠯᠡᠳᠪᠦᠷᠢ ᠬᠤᠳᠠᠯᠳᠤᠭᠠᠨ ᠤ ᠭᠡᠷᠡᠴᠢ ᠵᠡᠷᠭᠡ ᠶᠢ ᠴᠥᠮ ᠠᠮᠠᠷᠬᠠᠨ ᠢᠲᠡᠭᠡᠵᠦ ᠪᠣᠯᠬᠤ ᠦᠭᠡᠢ᠃      ﹇ᠪᠠᠶ ᠯᠦᠩ﹈ ᠲᠠᠪᠤ᠂ ᠪᠠᠷᠠᠭ᠎ᠠ ᠠᠪᠤᠭᠠᠳ ᠮᠦᠩᠭᠦ ᠪᠤᠴᠠᠭᠠᠬᠤ ᠮᠡᠬᠡᠯᠡᠯ᠃ ᠮᠡᠬᠡᠯᠡᠭᠴᠢ ᠤᠳᠠᠰᠤ ᠢᠷᠡᠭᠦᠯᠵᠦ ᠥᠪᠡᠷ ᠢ ᠪᠠᠨ ᠨᠢᠭᠡᠨ ᠰᠦᠯᠵᠢᠶᠡᠨ ᠳᠡᠭᠡᠷ᠎ᠡ  ᠠᠴᠠ ᠪᠠᠷᠠᠭ᠎ᠠ ᠠᠪᠬᠤ ᠲᠠᠪᠴᠠᠩ ᠤᠨ ᠪᠤᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠴᠢ ᠭᠡᠵᠦ᠂ ᠬᠤᠬᠢᠷᠠᠯ ᠠᠮᠰᠠᠭᠴᠢ ᠲᠣᠭᠠᠴᠠᠭ᠎ᠠ ᠬᠢᠬᠦ ᠳᠤ ᠠᠰᠠᠭᠤᠳᠠᠯ ᠭᠠᠷᠤᠭᠰᠠᠨ‌ᠡᠴᠠ᠂ ᠬᠤᠬᠢᠷᠠᠯ ᠠᠮᠰᠠᠭᠴᠢ ᠶᠢ ᠪᠠᠩᠬᠢ ᠶᠢᠨ ᠺᠠᠷᠲ ᠤᠨ ᠨᠣᠮᠧᠷ ᠢᠶᠠᠨ ᠬᠠᠩᠭᠠᠵᠤ᠂ ᠮᠦᠩᠭᠦ ᠶᠢ ᠨᠢ ᠪᠤᠴᠠᠭᠠᠵᠤ  ᠥᠭᠭᠦᠨ᠎ᠡ ᠭᠡᠳᠡᠭ᠃ ᠬᠤᠬᠢᠷᠠᠯ ᠠᠮᠰᠠᠭᠴᠢ ᠶᠢ ᠪᠠᠷᠠᠭ᠎ᠠ ᠶᠠᠪᠤᠭᠤᠯᠬᠤ ᠠᠷᠭ᠎ᠠ ᠮᠠᠶ᠋ᠢᠭ ᠢᠶᠠᠨ ᠪᠠᠷᠠᠭ᠎ᠠ ᠬᠦᠷᠦᠭᠰᠡᠨ ᠤ ᠳᠠᠷᠠᠭ᠎ᠠ ᠲᠣᠭᠠᠴᠠᠭ᠎ᠠ ᠬᠢᠬᠦ ᠪᠤᠯᠭᠠᠨ ᠥᠭᠡᠷᠡᠴᠢᠯᠡᠬᠦ  ᠶᠢ ᠱᠠᠭᠠᠷᠳᠠᠳᠠᠭ᠃ ᠲᠤᠰ ᠳ᠋ᠤᠭᠠᠷ ᠨᠢ ᠬᠤᠬᠢᠷᠠᠯ ᠠᠮᠰᠠᠭᠴᠢ ᠳᠤ ᠨᠢᠭᠡ ᠮᠦᠩᠭᠦ ᠪᠤᠴᠠᠭᠠᠬᠤ ᠰᠦᠯᠵᠢᠶᠡᠨ ᠬᠠᠶ᠋ᠢᠭ ᠲᠠᠢ ᠣᠬᠤᠷ ᠮᠡᠳᠡᠭᠡ ᠶᠠᠪᠤᠭᠤᠯᠵᠤ᠂ ᠬᠤᠬᠢᠷᠠᠯ ᠠᠮᠰᠠᠭᠴᠢ ᠶᠢ ᠲᠤᠰ ᠨᠢᠭᠤᠷ ᠳᠡᠭᠡᠷ᠎ᠡ ᠮᠦᠩᠭᠦ ᠪᠠᠨ ᠪᠤᠴᠠᠭᠠᠵᠤ ᠠᠪᠬᠤ ᠶᠢ ᠱᠠᠭᠠᠷᠳᠠᠳᠠᠭ᠃ ᠬᠤᠬᠢᠷᠠᠯ ᠠᠮᠰᠠᠭᠴᠢ ᠣᠬᠤᠷ ᠴᠢᠮᠡᠭᠡᠨ  ᠲᠤᠳᠤᠷᠠᠬᠢ ᠰᠦᠯᠵᠢᠶᠡᠨ ᠬᠠᠶ᠋ᠢᠭ ᠢ ᠨᠡᠭᠡᠭᠡᠭᠡᠳ ᠳᠠᠩᠰᠠᠨ ᠳ᠋ᠤᠭᠠᠷ᠂ ᠨᠢᠭᠤᠴᠠ ᠨᠣᠮᠧᠷ᠂ ᠰᠢᠯᠭᠠᠨ ᠪᠠᠲᠤᠯᠠᠬᠤ ᠺᠤᠳ᠋ ᠵᠢᠴᠢ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ ᠪᠠᠨ ᠲᠠᠭᠯᠠᠭᠰᠠᠨ ᠤ ᠳᠠᠷᠠᠭ᠎ᠠ ᠺᠠᠷᠲ ᠳᠣᠲᠣᠷᠠᠬᠢ ᠦᠯᠡᠳᠡᠪᠦᠷᠢ ᠵᠣᠭᠤᠰ ᠢ ᠨᠢ ᠰᠢᠯᠵᠢᠭᠦᠯᠦᠭᠡᠳ ᠠᠪᠤᠴᠢᠬᠠᠳᠠᠭ᠃ ᠡᠶᠢᠮᠦᠷᠬᠦᠦ  ᠮᠡᠬᠡᠯᠡᠯ ᠡᠭᠦᠰᠴᠦ ᠪᠠᠶᠢᠭ᠎ᠠ ᠶᠢᠨ ᠰᠢᠯᠲᠠᠭᠠᠨ ᠪᠣᠯ ᠮᠡᠬᠡᠯᠡᠭᠴᠢ ᠶᠠᠭᠤᠨ ᠤ ᠡᠮᠦᠨ᠎ᠡ ᠬᠤᠤᠷ ᠠᠮᠰᠠᠭᠴᠢ ᠶᠢᠨ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠪᠦᠷᠢᠮᠦᠰᠦᠨ ᠡᠵᠡᠮᠰᠢᠭᠰᠡᠨ ᠪᠥᠭᠡᠳ ᠪᠠᠷᠠᠭ᠎ᠠ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠣᠨᠣᠪᠴᠢᠲᠠᠶ ᠳᠦᠷᠰᠦᠯᠡᠬᠦ ᠪᠠᠷ ᠳᠠᠮᠵᠢᠭᠤᠯᠤᠨ ᠬᠤᠤᠷ ᠠᠮᠰᠠᠭᠴᠢ ᠶᠢᠨ ᠢᠲᠡᠭᠡᠯ ᠢ ᠣᠯᠵᠤ᠂ ᠡᠭᠦᠨ ᠤ ᠤᠯᠠᠮ ᠠᠴᠠ ᠪᠠᠩᠬᠢ ᠶᠢᠨ ᠺᠠᠷᠲ ᠤᠨ ᠨᠣᠮᠧᠷ᠂ ᠨᠢᠭᠤᠴᠠ ᠨᠣᠮᠧᠷ ᠪᠠ ᠣᠬᠤᠷ ᠴᠢᠮᠡᠭᠡᠨ ᠤ ᠰᠢᠯᠭᠠᠨ ᠪᠠᠲᠤᠯᠠᠬᠤ ᠺᠣᠳ᠋ ᠢ ᠮᠡᠬᠡᠯᠡᠨ ᠠᠪᠤᠭᠰᠠᠨ ᠶᠠᠪᠤᠳᠠᠯ ᠪᠣᠯᠤᠨ᠎ᠠ᠃ ᠮᠡᠬᠡᠯᠡᠭᠴᠢᠳ ᠵᠠᠷᠢᠮ ᠳᠠᠭᠠᠨ ᠰᠢᠭᠤᠳ ᠤᠳᠠᠰᠤ ᠪᠠᠷ ᠬᠤᠯᠪᠣᠭᠳᠠᠯ ᠪᠦᠬᠦᠢ ᠮᠡᠳᠡᠭᠡ ᠵᠠᠩᠭᠢ ᠶᠢ ᠮᠡᠬᠡᠯᠡᠨ ᠠᠪᠴᠤ᠂ ᠵᠠᠷᠢᠮ ᠳᠠᠭᠠᠨ ᠪᠠᠰᠠ ᠬᠤᠤᠷ ᠠᠮᠰᠠᠭᠴᠢ ᠪᠠᠷ ᠬᠠᠭᠤᠷᠮᠠᠭ ᠰᠦᠯᠵᠢᠶ᠎ᠡ ᠶᠢ ᠨᠡᠭᠡᠭᠡᠯᠭᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠢ ᠲᠠᠭᠯᠠᠭᠤᠯᠳᠠᠭ᠃ ᠪᠠᠩᠬᠢ ᠶᠢᠨ ᠺᠠᠷᠲ ᠤᠨ ᠳ᠋ᠤᠭᠠᠷ᠂ ᠨᠢᠭᠤᠴᠠ ᠨᠣᠮᠧᠷ᠂ ᠰᠢᠯᠭᠠᠨ ᠪᠠᠲᠤᠯᠠᠬᠤ ᠨᠣᠮᠧᠷ ᠵᠡᠷᠭᠡ ᠪᠠᠷ ᠯᠡᠪᠡᠷᠡᠪᠡᠯ᠂ ᠮᠡᠬᠡᠯᠡᠭᠴᠢ ᠰᠦᠯᠵᠢᠶᠡᠨ ᠪᠠᠩᠬᠢ ᠶᠢᠨ ᠲᠠᠩᠰᠠᠨ ᠡᠷᠦᠭᠡ ᠳᠠᠬᠢ ᠵᠣᠭᠤᠰ ᠢ ᠰᠠᠭᠠᠳ ᠦᠭᠡᠢ ᠰᠢᠯᠵᠢᠬᠦᠯᠦᠭᠡᠳ ᠠᠪᠤᠴᠢᠬᠠᠳᠠᠭ᠃      ᠮᠡᠬᠡᠯᠡᠭᠳᠡᠬᠦ ᠠᠴᠠ ᠰᠡᠷᠭᠡᠶᠢᠯᠡᠬᠦ ᠰᠠᠨᠠᠭᠤᠯᠤᠮᠵᠢ᠄ 1.ᠲᠠᠸᠠᠷ ᠤᠨ ᠠᠷᠠᠯᠵᠢᠶᠠᠨ ᠤ ᠬᠡᠪ ᠤᠨ ᠪᠤᠰᠤ ᠪᠠᠶᠢᠳᠠᠯ ᠭᠠᠷᠬᠤ᠂ ᠪᠠᠷᠠᠭ᠎ᠠ ᠶᠢᠨ ᠬᠠᠩᠭᠠᠯᠭ᠎ᠠ ᠲᠠᠰᠤᠷᠠᠬᠤ ᠵᠡᠷᠭᠡ  ᠪᠠᠶᠢᠳᠠᠯ ᠲᠣᠬᠢᠶᠠᠯᠳᠤᠪᠠᠯ᠂ ᠡᠩ ᠲᠡᠷᠢᠭᠦᠨ ᠳᠤ ᠪᠠᠷᠠᠭ᠎ᠠ ᠬᠤᠳᠠᠯᠳᠤᠨ ᠠᠪᠤᠭᠰᠠᠨ ᠰᠦᠯᠵᠢᠶᠡᠨ ᠤ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠤᠳᠠᠰᠤ ᠪᠠᠷ ᠬᠤᠯᠪᠤᠭ᠎ᠠ ᠪᠠᠷᠢᠵᠤ ᠠᠰᠠᠭᠤᠨ ᠯᠠᠪᠯᠠᠬᠤ ᠬᠡᠷᠡᠭᠲᠡᠶ᠂ ᠬᠠᠷᠢᠨ ᠰᠠᠨᠠᠭᠠᠴᠢᠯᠠᠭ᠎ᠠ ᠠᠴᠠ ᠪᠠᠨ ᠤᠳᠠᠰᠤ ᠢᠷᠡᠬᠦᠯᠵᠦ᠂ ᠦᠪᠡᠷ ᠢ ᠪᠠᠨ ᠭᠡᠷᠡᠭᠯᠡᠭᠴᠢ ᠳᠤ ᠦᠢᠯᠡᠴᠢᠯᠡᠭᠴᠢ ᠭᠡᠵᠦ ᠪᠠᠶᠢᠭ᠎ᠠ ᠬᠦᠮᠦᠨ ᠢ ᠠᠮᠠᠷᠬᠠᠨ ᠢᠲᠡᠭᠡᠵᠦ ᠪᠣᠯᠬᠤ ᠦᠭᠡᠢ᠂ 2 .ᠰᠦᠯᠵᠢᠶᠡᠨ ᠳᠡᠭᠡᠷ᠎ᠡ ᠠᠴᠠ  ᠪᠠᠷᠠᠭ᠎ᠠ ᠬᠤᠳᠠᠯᠳᠤᠨ ᠠᠪᠬᠤ ᠳᠠᠩᠰᠠᠨ ᠳ᠋ᠤᠭᠠᠷ᠂ ᠲᠣᠭᠠᠴᠠᠭ᠎ᠠ ᠬᠢᠬᠦ ᠳᠠᠩᠰᠠᠨ ᠳ᠋ᠤᠭᠠᠷ ᠲᠤ ᠲᠤᠰᠠᠭᠠᠷ ᠨᠢᠭᠤᠴᠠ ᠨᠣᠮᠧᠷ ᠲᠣᠬᠢᠷᠠᠭᠤᠯᠬᠤ ᠬᠡᠷᠡᠭᠲᠡᠶ ᠪᠥᠭᠡᠳ ᠮᠠᠰᠢ ᠪᠤᠳᠤᠯᠢᠶᠠᠨᠲᠠᠶ ᠨᠢᠭᠤᠴᠠ ᠨᠣᠮᠧᠷ ᠣᠷᠣᠭᠤᠯᠣᠨ᠂ ᠲᠣᠭᠲᠠᠮᠠᠯ ᠬᠤᠭᠤᠴᠠᠭ᠎ᠠ ᠲᠠᠢ ᠰᠣᠯᠢᠵᠤ᠂ ᠲᠠᠩᠰᠠᠨ ᠳ᠋ᠤᠭᠠᠷ ᠶᠠᠯᠠᠲᠤ ᠡᠲᠡᠭᠡᠳ ᠲᠤ ᠬᠤᠯᠠᠭᠠᠶᠢᠯᠠᠭᠳᠠᠵᠤ᠂ ᠬᠤᠪᠢ ᠤᠨ ᠮᠡᠳᠡᠭᠡ ᠵᠠᠩᠭᠢ ᠶᠢ ᠵᠠᠳᠠᠷᠠᠭᠤᠯᠬᠤ ᠠᠴᠠ ᠰᠡᠷᠭᠡᠶᠢᠯᠡᠬᠦ ᠭᠡᠷᠡᠭᠳᠡᠢ  ᠃      ﹇ᠬᠥᠲᠥᠯᠥᠭᠴᠢ﹈ ᠶᠠᠮᠠᠷ ᠶᠠᠮᠠᠷ ᠬᠥᠮᠦᠨ ᠠᠮᠠᠷᠬᠠᠨ ᠮᠡᠬᠡᠯᠡᠭᠳᠡᠳᠡᠭ ᠪᠤᠢ︖ ᠴᠠᠬᠢᠯᠭᠠᠨ ᠬᠤᠯᠪᠣᠭᠠᠨ ᠤ ᠮᠡᠬᠡᠯᠡᠯ ᠢ ᠨᠠᠩ ᠠᠩᠬᠠᠷᠬᠤ ᠬᠡᠷᠡᠭᠲᠡᠶ ᠪᠤᠢ︖      ﹇ᠪᠠᠶ ᠯᠦᠩ﹈ ᠴᠠᠬᠢᠯᠭᠠᠨ ᠬᠤᠯᠪᠤᠭᠠᠨ ᠤ ᠮᠡᠬᠡᠯᠡᠯ ᠳᠤ ᠤᠴᠠᠷᠠᠳᠠᠭ ᠬᠦᠮᠦᠰ ᠮᠠᠰᠢ ᠥᠷᠭᠡᠨ ᠳᠡᠯᠭᠡᠷᠡᠩᠭᠦᠶ ᠣᠨᠴᠠᠯᠢᠭ ᠲᠠᠢ ᠪᠥᠭᠡᠳ ᠣᠨᠴᠠ ᠲᠣᠭᠲᠠᠭᠰᠠᠨ ᠪᠢᠰᠢ ᠶᠤᠮ᠂ ᠭᠠᠵᠠᠷ ᠪᠣᠯᠭᠠᠨ ᠳᠤ ᠲᠣᠤᠷ ᠰᠠᠴᠤᠵᠤ᠂ ᠶᠠᠮᠠᠷ ᠨᠢᠭᠡᠨ ᠬᠤᠭᠤᠴᠠᠭᠠᠨ ᠳᠤ ᠶᠠᠮᠠᠷ ᠨᠢᠭᠡᠨ ᠳ᠋ᠤᠭᠠᠷ ᠪᠤᠶᠤ ᠶᠠᠮᠠᠷ ᠨᠢᠭᠡᠨ ᠭᠠᠵᠠᠷ ᠣᠷᠣᠨ ᠳᠤ ᠲᠥᠪᠯᠡᠷᠡᠭᠦᠯᠦᠨ ᠤᠲᠠᠰᠤ ᠠᠪᠬᠤ ᠪᠤᠶᠤ ᠣᠬᠤᠷ ᠮᠡᠳᠡᠭᠡ ᠶᠠᠪᠤᠭᠤᠯᠳᠠᠭ᠂ ᠬᠤᠤᠷ ᠠᠮᠰᠠᠭᠴᠢ ᠳᠤ ᠨᠡᠶᠢᠭᠡᠮ ᠤᠨ ᠡᠯ᠎ᠡ ᠳᠠᠪᠬᠤᠷᠭ᠎ᠠ ᠶᠢᠨ ᠬᠢᠨ ᠢ ᠪᠠᠭᠳᠠᠭᠠᠵᠤ ᠪᠠᠶᠢᠳᠠᠭ᠂ ᠡᠩ ᠤᠨ ᠠᠷᠠᠳ ᠣᠯᠠᠨ ᠪᠠᠶᠢᠬᠤ ᠮᠥᠷᠲᠡᠭᠡᠨ ᠠᠵᠤ ᠠᠬᠤᠶᠢᠯᠠᠯ ᠤᠨ ᠡᠵᠡᠨ᠂ ᠠᠯᠪᠠᠲᠠᠨ᠂ ᠰᠤᠷᠭᠠᠭᠤᠯᠢ ᠶᠢᠨ ᠪᠠᠭᠰᠢ᠂ ᠡᠯ᠎ᠡ ᠠᠵᠢᠯ ᠲᠥᠷᠥᠯ ᠤᠨ ᠬᠢᠨ ᠴᠥᠮ ᠴᠠᠬᠢᠯᠭᠠᠨ ᠬᠤᠯᠪᠣᠭᠠᠨ ᠤ ᠮᠡᠬᠡᠯᠡᠯ ᠤᠨ ᠬᠤᠬᠢᠷᠠᠯ ᠠᠮᠰᠠᠭᠴᠢ ᠪᠣᠯᠵᠤ ᠮᠡᠳᠡᠨ᠎ᠡ᠂ ᠨᠥᠯᠥᠭᠡᠯᠡᠬᠦ ᠬᠡᠪᠴᠢᠶ᠎ᠡ ᠨᠢ ᠮᠠᠰᠢ ᠥᠷᠭᠡᠨ᠂ ᠨᠡᠶᠢᠭᠡᠮ ᠤᠨ ᠨᠥᠯᠥᠭᠡ ᠨᠢ ᠮᠠᠰᠢ ᠮᠠᠭᠤ ᠪᠠᠶᠢᠳᠠᠭ᠃      ᠵᠠᠷᠢᠮ ᠮᠡᠬᠡᠯᠡᠯ ᠨᠢ ᠬᠠᠨᠳᠤᠯᠭᠠᠲᠤ ᠴᠢᠨᠠᠷ ᠢᠶᠠᠷ ᠨᠡᠯᠢᠶᠡᠳ ᠴᠢᠩᠭ᠎ᠠ᠃ ᠵᠢᠱᠢᠶᠡᠯᠡᠪᠡᠯ ᠮᠠᠰᠢᠨ ᠲᠡᠷᠭᠡᠨ ᠤ ᠭᠠᠶᠢᠯᠢ ᠪᠤᠴᠠᠭᠠᠬᠤ ᠮᠡᠬᠡᠯᠡᠯ᠂ ᠮᠡᠬᠡᠯᠡᠭᠳᠡᠭᠰᠡᠨ ᠨᠢ ᠭᠤᠤᠯᠳᠠᠭᠤ ᠮᠠᠰᠢᠨ ᠲᠡᠷᠭᠡ ᠲᠠᠢ ᠬᠦᠮᠦᠰ ᠪᠣᠯᠤᠨ᠎ᠠ᠃ ᠪᠠᠰᠠ ᠨᠢᠭᠡ ᠪᠦᠯᠦᠭ ᠲᠤᠪᠤᠶᠢᠮ᠎ᠠ ᠵᠦᠢᠯ ᠭᠡᠪᠡᠯ ᠴᠠᠬᠢᠯᠭᠠᠨ ᠬᠤᠯᠪᠣᠭᠠᠨ ᠤ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠠᠵᠢᠯᠲᠠᠨ ᠢᠶᠠᠷ ᠣᠪᠯᠠᠭᠰᠠᠨ ᠮᠡᠬᠡᠯᠡᠯ ᠪᠣᠯᠤᠨ᠎ᠠ᠂ ᠮᠡᠬᠡᠯᠡᠭᠴᠢ ᠶᠡᠷᠦ ᠨᠢ ᠡᠳᠦᠷ ᠢᠶᠠᠷ ᠤᠳᠠᠰᠤᠳᠠᠳᠠᠭ᠂ ᠡᠳᠦᠷ ᠪᠣᠯ ᠵᠠᠯᠠᠭᠤᠴᠤᠳ ᠴᠥᠮ ᠠᠵᠢᠯ  ᠳᠠᠭᠠᠨ ᠶᠠᠪᠤᠴᠢᠬᠠᠨ᠎ᠠ᠂ ᠭᠡᠷ ᠲᠤ ᠨᠠᠰᠤᠲᠠᠶᠢᠴᠤᠳ ᠨᠡᠯᠢᠶᠡᠳ ᠣᠯᠠᠨ ᠪᠠᠶᠢᠳᠠᠭ᠂ ᠲᠡᠳᠡ ᠨᠠᠰᠤᠲᠠᠶᠢᠴᠤᠳ ᠤᠨ ᠬᠥᠷᠥᠩᠭᠡ ᠢᠲᠡᠭᠡᠮᠵᠢ ᠶᠢᠨ ᠬᠡᠮᠵᠢᠶ᠎ᠡ ᠨᠡᠯᠢᠶᠡᠳ ᠲᠦᠭᠵᠢᠮᠡᠯ᠂ ᠠᠮᠠᠷᠬᠠᠨ ᠮᠡᠭᠡᠯᠡᠭᠳᠡᠳᠡᠭ ᠪᠠᠶᠢᠳᠠᠯ ᠢ ᠨᠢ ᠴᠢᠩᠭ᠎ᠠ ᠠᠳᠬᠤᠵᠤ ᠬᠡᠷᠡᠭ ᠬᠢᠳᠡᠭ᠃      ﹇ᠬᠦᠳᠦᠯᠦᠭᠴᠢ﹈ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠲᠤ ᠴᠣᠬᠢᠯᠲᠠ ᠦᠭᠭᠦᠭᠡᠳ ᠶᠠᠮᠠᠷ ᠶᠠᠮᠠᠷ ᠦᠷ᠎ᠡ ᠪᠦᠳᠦᠮᠵᠢ ᠣᠯᠤᠭᠰᠠᠨ ᠪᠤᠢ︖ ᠪᠠᠰᠠ ᠶᠠᠮᠠᠷ ᠶᠠᠮᠠᠷ ᠬᠦᠴᠢᠷᠳᠡᠯ ᠳᠤ ᠲᠤᠯᠭᠠᠷᠠᠭᠰᠠᠨ ᠪᠤᠢ︖      ﹇ᠪᠠᠶ ᠯᠦᠩ﹈ ᠡᠨᠡ ᠵᠢᠯ ᠠᠴᠠ ᠨᠠᠰᠢ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ ᠢ186 ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ 403 ᠪᠠᠩᠬᠢ ᠶᠢᠨ ᠺᠠᠷᠲ‌ᠢ ᠴᠡᠪᠳᠡᠭᠯᠡᠵᠦ᠂ ᠬᠡᠷᠡᠭ ᠲᠤ ᠬᠤᠯᠪᠣᠭᠳᠠᠭᠰᠠᠨ 1386 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠶᠢ ᠴᠡᠪᠳᠡᠭᠯᠡᠵᠦ᠂ 32 ᠶᠠᠯ᠎ᠠ ᠬᠢᠭᠰᠡᠨ ᠰᠡᠵᠢᠭᠳᠡᠨ ᠳᠤ ᠴᠣᠬᠢᠯᠲᠠ ᠦᠭᠴᠦ ᠰᠢᠢᠳᠭᠡᠪᠡ᠃ ᠣᠳᠣᠬᠠᠨ ᠳᠤ ᠨᠡᠶᠢᠲᠡ 22 ᠲᠦᠮᠡᠨ ᠵᠤᠷᠪᠤᠰ ᠣᠬᠤᠷ ᠮᠡᠳᠡᠭᠡ᠂10 ᠲᠦᠮᠡᠨ ᠵᠤᠷᠪᠤᠰ ᠮᠡᠬᠡᠯᠡᠬᠦ ᠤᠳᠠᠰᠤ ᠶᠢ ᠬᠤᠷᠢᠭᠯᠠᠵᠤ᠂ 900 ᠲᠦᠮᠡᠨ ᠵᠤᠷᠪᠤᠰ ᠰᠡᠷᠡᠮᠵᠢᠯᠡᠭᠦᠯᠦᠯ ᠤᠨ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠠᠪᠤᠭᠤᠯᠵᠤ᠂ ᠬᠤᠬᠢᠷᠠᠯ ᠠᠮᠰᠠᠭᠴᠢ ᠶᠢ ᠬᠥᠮᠦᠨ ᠤ ᠬᠦᠴᠦ ᠪᠠᠷ 5 ᠲᠦᠮᠡᠨ ᠬᠥᠮᠥᠨ ᠤᠳᠠᠭ᠎ᠠ ᠰᠡᠷᠡᠮᠵᠢᠯᠡᠭᠦᠯᠦᠭᠰᠡᠨ ᠪᠠᠶᠢᠨ᠎ᠠ᠃      ᠮᠠᠰᠢ ᠤᠯᠠᠨ ᠬᠦᠮᠦᠨ ᠣᠶᠢᠯᠠᠭᠠᠳᠠᠭ ᠦᠭᠡᠢ ᠨᠢᠭᠡ ᠠᠰᠠᠭᠤᠳᠠᠯ᠃ ᠮᠡᠬᠡᠯᠡᠭᠴᠢ  ᠪᠦᠷ ᠤᠲᠠᠰᠤ ᠪᠠᠨ ᠦᠯᠡᠳᠡᠭᠡᠴᠢᠭᠡᠯ᠎ᠡ᠂ ᠳᠠᠩᠰᠠᠨ ᠳ᠋ᠤᠭᠠᠷ ᠢᠶᠠᠨ ᠦᠯᠡᠳᠡᠭᠡᠴᠢᠭᠡᠯ᠎ᠡ᠂ ᠪᠠᠷᠢᠭᠠᠳ ᠠᠪᠤᠪᠠᠯ ᠪᠣᠯᠴᠢᠬᠠᠬᠤ ᠪᠢᠰᠢ ᠤᠤ᠂ ᠦᠨᠡᠨ ᠳᠡᠭᠡᠨ ᠡᠩ ᠤᠨ ᠰᠠᠶᠢᠨ ᠰᠠᠨᠠᠭ᠎ᠠ ᠲᠠᠢ ᠬᠥᠮᠦᠰ ᠤᠨ ᠪᠣᠳᠣᠭᠰᠠᠨ ᠰᠢᠭ᠋ ᠲᠡᠶᠢᠮᠦ ᠳᠥᠭᠦᠮᠬᠡᠨ ᠪᠢᠰᠢ᠃ ᠤᠴᠢᠷ ᠨᠢ ᠴᠠᠬᠢᠯᠭᠠᠨ ᠬᠤᠯᠪᠣᠭᠠᠨ ᠤ ᠮᠡᠬᠡᠯᠡᠯ ᠨᠢ ᠡᠩ ᠤᠨ ᠬᠤᠯᠠᠭᠠᠶᠢᠯᠠᠭᠰᠠᠨ᠂ ᠵᠣᠳᠣᠭᠠᠨ ᠬᠢᠭᠰᠡᠨ ᠲᠠᠢ ᠠᠳᠠᠯᠢ ᠦᠭᠡᠢ᠂ ᠣᠷᠣ ᠮᠥᠷ ᠪᠤᠳᠠᠰ ᠤᠨ ᠭᠡᠷᠡᠴᠢ ᠦᠯᠡᠳᠡᠳᠡᠭ᠂ ᠬᠢᠲᠤᠭ᠎ᠠ ᠲᠠᠢ᠂ ᠫᠤᠤ ᠲᠠᠢ ᠪᠤᠶᠤ ᠲᠤᠬᠠᠶ ᠶᠢᠨ ᠲᠠᠯᠠᠪᠤᠷ ᠲᠤ ᠤᠯᠠ ᠮᠥᠷ ᠪᠠ ᠰᠦᠪᠡᠭᠴᠢ ᠪᠠᠶᠢᠳᠠᠭ᠂ ᠬᠠᠷᠢᠨ ᠴᠠᠬᠢᠯᠭᠠᠨ ᠬᠤᠯᠪᠣᠭᠠᠨ ᠤ ᠮᠡᠬᠡᠯᠡᠯ ᠨᠢ ᠠᠯᠤᠰ ᠤᠨ ᠬᠢ᠂ ᠬᠦᠷᠦᠯᠴᠡᠬᠦ ᠦᠭᠡᠢ ᠬᠡᠯᠪᠡᠷᠢ ᠶᠢᠨ ᠬᠢ ᠶᠤᠮ᠂ ᠴᠢ ᠮᠡᠬᠡᠯᠡᠭᠳᠡᠭᠰᠡᠨ ᠴᠦ ᠮᠡᠬᠡᠯᠡᠭᠴᠢ ᠶᠢᠨ ᠵᠢᠰᠦ ᠶᠢ ᠦᠵᠡᠵᠦ ᠦᠩᠭᠡᠷᠡᠭᠰᠡᠨ ᠦᠭᠡᠢ᠃ ᠬᠤᠤᠷ ᠠᠮᠰᠠᠭᠴᠢ ᠲᠠᠢ ᠦᠨᠡᠬᠡᠷ ᠠᠭᠤᠯᠵᠠᠬᠤ ᠴᠢᠬᠤᠯᠠ ᠦᠭᠡᠢ᠂ ᠤᠳᠤ ᠦᠶ᠎ᠡ ᠶᠢᠨ ᠮᠠᠰᠢ ᠬᠥᠭᠵᠢᠭᠰᠡᠨ  ᠴᠢᠮᠡᠭᠡ ᠬᠤᠯᠪᠣᠭᠠᠨ ᠤ ᠮᠡᠷᠭᠡᠵᠢᠯ᠂ ᠰᠢᠨ᠎ᠡ ᠮᠠᠶ᠋ᠢᠭ ᠤᠨ ᠮᠡᠷᠭᠡᠵᠢᠯ ᠢ  ᠬᠡᠷᠡᠭᠯᠡᠵᠦ ᠪᠠᠶᠢᠭᠠᠳ᠂ ᠮᠠᠰᠢ ᠣᠬᠤᠷᠬᠠᠨ ᠬᠤᠭᠤᠴᠠᠭᠠᠨ ᠳᠤ ᠮᠡᠬᠡᠯᠡᠴᠢᠬᠡᠳᠡᠭ᠃ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠳᠤ ᠦᠯᠡᠳᠡᠭᠡᠭᠰᠡᠨ ᠨᠢ ᠦᠨᠡᠬᠡᠷ ᠮᠡᠬᠡᠯᠡᠬᠦ ᠤᠲᠠᠰᠤ ᠪᠠ ᠬᠡᠷᠡᠭ ᠲᠤ ᠬᠤᠯᠪᠣᠭᠳᠠᠭᠰᠠᠨ ᠲᠠᠩᠰᠠᠨ ᠡᠷᠦᠭᠡ ᠪᠠᠶᠢᠨ᠎ᠠ᠂ ᠭᠡᠪᠡᠴᠦ ᠡᠳᠡᠭᠡᠷ ᠤᠲᠠᠰᠤ ᠪᠠ ᠲᠠᠩᠰᠠᠨ ᠡᠷᠦᠭᠡ ᠶᠢᠨ ᠨᠢᠭᠡ ᠬᠠᠮᠳᠤ ᠶᠢᠨ ᠣᠨᠴᠠᠯᠢᠭ ᠪᠣᠯ ᠪᠦᠷ ᠬᠠᠭᠤᠷᠮᠠᠭ᠂ ᠨᠢᠭᠡ ᠨᠢ ᠴᠤ ᠦᠨᠡᠨ ᠪᠢᠰᠢ᠃ ᠡᠳᠡᠭᠡᠷ ᠭᠠᠷ ᠤᠲᠠᠰᠤᠨ ᠤ ᠳ᠋ᠤᠭᠠᠷ ᠨᠢ ᠪᠦᠷ ᠨᠡᠷ᠎ᠡ ᠦᠭᠡᠢ ᠪᠠᠶᠢᠳᠠᠭ᠃      ᠳᠡᠯᠭᠡᠭᠦᠷ᠂ ᠵᠡᠭᠡᠯᠢ ᠳᠡᠭᠡᠷ᠎ᠡ ᠬᠡᠵᠢᠶ᠎ᠡ ᠴᠦ ᠭᠡᠰᠡᠨ ᠭᠠᠷ ᠤᠲᠠᠰᠤᠨ ᠺᠠᠷᠲ ᠬᠤᠳᠠᠯᠳᠤᠨ ᠠᠪᠴᠤ ᠪᠣᠯᠬᠤ ᠶᠢ ᠪᠢᠳᠡ ᠮᠡᠳᠡᠨ᠎ᠡ᠂ ᠪᠦᠷ ᠨᠡᠷ᠎ᠡ ᠲᠡᠮᠳᠡᠭᠯᠡᠬᠦ ᠦᠭᠡᠢ ᠭᠠᠷ ᠤᠲᠠᠰᠤᠨ ᠺᠠᠷᠲ᠂ ᠢᠯᠡᠷᠡᠬᠦ ᠳ᠋ᠢᠶᠠᠩᠬᠤᠸᠠ ᠶᠢᠨ ᠳ᠋ᠤᠭᠠᠷ ᠤᠨ ᠣᠯᠠᠩᠬᠢ ᠨᠢ ᠪᠦᠷ ᠰᠦᠯᠵᠢᠶᠡᠨ ᠤ ᠬᠡᠶᠢᠰᠪᠦᠷᠢ ᠳ᠋ᠤᠭᠠᠷ᠂ ᠰᠠᠶ᠋ᠢᠬᠠᠨ ᠪᠢ ᠰᠦᠯᠵᠢᠶᠡᠨ ᠨᠦᠬᠦᠳ ᠤᠨ  ᠠᠰᠠᠭᠤᠭᠰᠠᠨ ᠢ ᠬᠠᠷᠠᠯ᠎ᠠ᠂ ᠲᠡᠮᠦᠷ ᠵᠠᠮ ᠤᠨ ᠴᠠᠬᠢᠯᠭᠠᠨ ᠬᠤᠯᠪᠤᠭ᠎ᠠ ᠶᠢᠨ ᠨᠢᠭᠡᠳᠦᠭᠡᠷ ᠨᠤᠮᠧᠷᠲᠤ᠂ ᠸᠠᠩ ᠲᠦᠩ 400 ᠲᠠᠢ ᠠᠳᠠᠯᠢ᠂ ᠡᠳᠡᠭᠡᠷ ᠨᠢ ᠪᠦᠷ ᠣᠳᠣ ᠦᠶ᠎ᠡ ᠶᠢᠨ ᠴᠢᠮᠡᠭᠡ ᠬᠤᠯᠪᠣᠭᠠᠨ ᠤ ᠮᠡᠷᠭᠡᠵᠢᠯ ᠤᠨ ᠳᠣᠤᠷᠠᠬᠢ ᠨᠢᠭᠡ ᠵᠦᠢᠯ ᠤᠨ ᠲᠡᠭᠡᠳᠦ ᠮᠡᠷᠭᠡᠵᠢᠯ ᠤᠨ ᠬᠡᠶᠢᠰᠪᠦᠷᠢ ᠤᠳᠠᠰᠤ ᠪᠣᠯᠤᠨ᠎ᠠ᠃ ᠤᠳᠠᠰᠤᠳᠠᠬᠤ ᠳᠤ ᠭᠤᠤᠯ ᠳᠠᠭᠤᠳᠠᠯᠭ᠎ᠠ ᠶᠢᠨ ᠨᠣᠮᠧᠷ ᠪᠠᠶᠢᠬᠤ ᠬᠡᠷᠡᠭᠲᠡᠶ᠂ ᠭᠡᠪᠡᠴᠦ ᠡᠨᠡ ᠬᠦ ᠨᠢᠭᠡᠳᠦᠭᠡᠷ ᠨᠣᠮᠧᠷ ᠪᠣᠯᠤᠨ 400 ᠨᠣᠮᠧᠷ ᠢ ᠪᠦᠷ ᠪᠤᠰᠤᠳ ᠨᠤᠮᠧᠷ ᠲᠠᠢ ᠬᠤᠯᠪᠤᠭᠰᠠᠨ ᠪᠦᠭᠡᠳ ᠴᠢᠨᠠᠭᠰᠢᠯᠠᠪᠠᠯ ᠳᠤᠷ᠎ᠠ ᠤᠨ ᠨᠢᠭᠡ ᠨᠤᠮᠧᠷ ᠢᠯᠡᠷᠡᠭᠦᠯᠬᠦ ᠰᠤᠹᠲ ᠨᠢ ᠬᠤᠳᠠᠯ ᠬᠠᠭᠤᠷᠮᠠᠭ ᠤᠳᠠᠰᠤᠨ ᠳ᠋ᠤᠭᠠᠷ ᠢ ᠢᠯᠡᠷᠡᠭᠦᠯᠵᠦ ᠪᠤᠯᠳᠠᠭ᠃ ᠵᠠᠷᠢᠮ ᠦᠶ᠎ᠡ ᠳᠤ ᠴᠢᠨᠠᠭᠰᠢᠯᠠᠪᠠᠯ ᠪᠠᠩᠬᠢ ᠶᠢᠨ ᠤᠲᠠᠰᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠲᠠᠰᠤ ᠶᠢ ᠴᠤ ᠢᠯᠡᠷᠡᠭᠦᠯᠵᠦ ᠪᠣᠯᠤᠨ᠎ᠠ᠂ ᠦᠨᠡᠨ ᠳᠡᠭᠡᠨ ᠬᠤᠳᠠᠯ ᠬᠠᠭᠤᠷᠮᠠᠭ ᠪᠠᠶᠢᠵᠤ᠂ ᠶᠠᠯᠠᠲᠤ ᠡᠲᠡᠭᠡᠳ ᠭᠠᠷ ᠤᠷᠤᠭᠤᠯᠵᠤ ᠲᠣᠬᠢᠷᠠᠭᠤᠯᠤᠭᠰᠠᠨ ᠶᠤᠮ᠂ ᠲᠡᠷᠡ ᠨᠢ ᠬᠤᠬᠢᠷᠠᠯ ᠠᠮᠰᠠᠭᠴᠢ ᠶᠢ ᠬᠠᠭᠤᠷᠴᠤ ᠮᠡᠭᠡᠯᠡᠵᠦ ᠴᠢᠳᠠᠬᠤ ᠮᠥᠷᠲᠡᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠣᠬᠢᠯᠲᠠ ᠥᠭᠭᠦ ᠠᠴᠠ ᠵᠠᠶᠢᠯᠠᠵᠤ ᠴᠢᠳᠠᠨ᠎ᠠ᠃ ᠵᠠᠷᠢᠮ ᠨᠢ ᠴᠢᠨᠠᠭᠰᠢᠯᠠᠪᠠᠯ ᠬᠢᠯᠢ ᠶᠢᠨ ᠳᠣᠲᠣᠷᠠᠬᠢ ᠪᠠ ᠬᠢᠯᠢ ᠶᠢᠨ ᠭᠠᠳᠠᠨᠠᠬᠢ ᠦᠢᠯᠡᠴᠢᠯᠡᠭᠡᠨ ᠤ ᠬᠤᠳᠠᠯᠳᠤᠭᠠᠴᠢᠨ᠂ ᠬᠤᠳᠠᠯᠳᠤᠭᠠᠨ ᠤ ᠭᠠᠵᠠᠷ᠂ ᠦᠢᠯᠡᠴᠢᠯᠡᠭᠦᠷ ᠮᠠᠰᠢᠨ ᠢᠶᠠᠷ ᠢᠶᠠᠷ ᠱᠠᠲᠤ ᠱᠠᠲᠤ ᠪᠠᠷ ᠳᠠᠮᠵᠢᠭᠤᠯᠤᠭᠳᠠᠳᠠᠭ᠃      ᠪᠠᠩᠬᠢ ᠶᠢᠨ ᠳᠠᠩᠰᠠᠨ ᠳ᠋ᠤᠭᠠᠷ ᠪᠠ ᠪᠠᠩᠬᠢ ᠶᠢᠨ ᠺᠠᠷᠲ ᠴᠤ ᠠᠳᠠᠯᠢ᠂ ᠬᠠᠤᠯᠢ ᠪᠤᠰᠤ ᠡᠲᠡᠭᠡᠳ ᠮᠦᠩᠭᠦ ᠵᠠᠷᠤᠴᠠᠭᠤᠯᠤᠨ ᠪᠤᠰᠤᠳ ᠤᠨ ᠲᠠᠩᠰᠠᠨ ᠡᠷᠦᠭᠡ ᠶᠢ ᠪᠥᠭᠡᠮ ᠢᠶᠠᠷ ᠬᠡᠷᠡᠭᠯᠡᠳᠡᠭ᠃ ᠬᠡᠳᠦᠨ ᠠᠷᠪᠠᠨ ᠲᠥᠭᠦᠷᠢᠭ ᠢᠶᠠᠷ ᠨᠢᠭᠡ ᠬᠦᠯᠦᠰᠦᠨ ᠠᠵᠢᠯᠴᠢᠨ ᠤ ᠪᠡᠶ᠎ᠡ ᠶᠢᠨ ᠦᠨᠡᠮᠯᠡᠯ ᠢ ᠬᠤᠳᠠᠯᠳᠤᠨ ᠠᠪᠴᠤ᠂ ᠨᠢᠭᠡ ᠬᠤᠶᠠᠷ ᠵᠠᠭᠤᠨ ᠪᠠᠩᠬᠢ ᠶᠢᠨ ᠺᠠᠷᠲ ᠨᠡᠭᠡᠭᠡᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠮᠦᠷᠳᠡᠨ ᠪᠠᠶᠢᠴᠠᠭᠠᠪᠠᠯ ᠬᠠᠷᠢᠨ ᠨᠢᠭᠡ ᠬᠦᠯᠦᠰᠦᠨ ᠠᠵᠢᠯᠴᠢᠨ ᠤ ᠪᠡᠶ᠎ᠡ ᠶᠢᠨ ᠦᠨᠡᠮᠯᠡᠯ ᠪᠠᠶᠢᠳᠠᠭ᠃ ᠡᠭᠦᠨ ᠠᠴᠠ ᠭᠠᠳᠠᠨ᠎ᠠ᠂ ᠶᠠᠯᠠᠲᠤ ᠡᠲᠡᠭᠡᠳ ᠣᠯᠠᠨ ᠲᠡᠰ ᠤᠨ ᠲᠠᠩᠰᠠᠨ ᠡᠷᠦᠭᠡ ᠭᠠᠷᠭᠠᠵᠤ᠂ ᠪᠠᠩᠬᠢ ᠪᠠᠷ ᠳᠠᠮᠵᠢᠭᠤᠯᠤᠨ ᠮᠦᠩᠭᠦ  ᠪᠠᠨ ᠮᠠᠰᠢ ᠲᠦᠷᠭᠡᠨ ᠢᠶᠠᠷ ᠱᠠᠲᠤ ᠱᠠᠲᠤ ᠪᠠᠷ ᠲᠠᠮᠵᠢᠭᠤᠯᠵᠤ᠂ ᠬᠠᠮᠤᠭ ᠤᠨ ᠰᠡᠭᠦᠯ ᠳᠤ ᠪᠦᠬᠦ ᠤᠯᠤᠰ ᠤᠨ ᠡᠯ᠎ᠡ ᠭᠠᠵᠠᠷ ᠲᠤ ᠲᠠᠷᠬᠠᠵᠤ ᠪᠠᠶᠢᠭ᠎ᠠ A T M ᠮᠠᠰᠢᠨ ᠳᠡᠭᠡᠷ᠎ᠡ ᠠᠴᠠ ᠪᠡᠯᠡᠨ ᠵᠣᠭᠤᠰ ᠭᠠᠷᠭᠠᠵᠤ ᠠᠪᠤᠳᠠᠭ᠃      ᠵᠠᠷᠢᠮ ᠳᠠᠭᠠᠨ ᠶᠠᠯᠠᠲᠤ ᠡᠲᠡᠭᠡᠳ ᠬᠤᠶᠠᠷ ᠭᠤᠷᠪᠠᠨ ᠵᠠᠭᠤᠨ ᠲᠦᠮᠡᠨ ᠲᠥᠭᠦᠷᠢᠭ ᠮᠡᠬᠡᠯᠡᠵᠦ ᠠᠪᠤᠭᠠᠳ ᠬᠡᠳᠦᠬᠡᠨ ᠮᠢᠨᠦ᠋ᠲ ᠤᠨ ᠳᠣᠲᠣᠷ᠎ᠠ ᠡᠯ᠎ᠡ ᠭᠠᠵᠠᠷ ᠲᠤ ᠰᠢᠯᠵᠢᠭᠦᠯᠦᠭᠡᠳ ᠤᠳᠠᠯ ᠦᠭᠡᠢ ᠭᠠᠷᠭᠠᠭᠠᠳ ᠠᠪᠤᠴᠢᠬᠠᠳᠠᠭ᠃ ᠡᠶᠢᠮᠦ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠶᠢᠮᠦ ᠨᠢᠭᠡ ᠬᠡᠷᠡᠭ ᠢ ᠲᠠᠩᠨᠠᠨ ᠰᠢᠢᠳᠪᠦᠷᠢᠯᠡᠬᠦ ᠳᠤ ᠶᠡᠭᠡ ᠬᠡᠮᠵᠢᠶᠡᠨ ᠤ ᠬᠦᠮᠦᠨ ᠤ ᠬᠦᠴᠦ᠂ ᠵᠠᠷᠤᠳᠠᠯ ᠮᠦᠩᠭᠦ ᠣᠷᠣᠭᠤᠯᠬᠤ ᠴᠢᠬᠤᠯᠠᠲᠠᠶ᠂ ᠮᠠᠰᠢ ᠣᠯᠠᠨ ᠲᠤᠰᠬᠠᠶ ᠬᠡᠷᠡᠭ ᠤᠨ ᠳᠤᠭᠤᠶᠢᠯᠠᠩ ᠲᠣᠮᠢᠯᠠᠵᠤ᠂ ᠬᠠᠮᠢᠭ᠎ᠠ ᠭᠠᠵᠠᠷ ᠦᠭᠡᠢ ᠭᠦᠶᠦᠵᠦ᠂ ᠭᠠᠵᠠᠷ ᠪᠣᠯᠭᠠᠨ ᠳᠤ ᠬᠠᠤᠯᠢ ᠴᠠᠭᠠᠵᠠ ᠶᠢᠨ ᠭᠠᠷ ᠬᠦᠢᠴᠡᠳᠭᠡᠯ ᠢᠶᠠᠨ ᠪᠠᠷᠢᠵᠤ ᠪᠠᠩᠬᠢ᠂ ᠴᠢᠮᠡᠭᠡ ᠬᠤᠯᠪᠣᠭᠠᠨ ᠤ ᠰᠠᠯᠠᠭ᠎ᠠ ᠮᠥᠴᠢᠷ ᠢ ᠡᠷᠢᠭᠡᠳ‌ᠤᠲᠠᠰᠤ᠂ ᠳᠠᠩᠰᠠ ᠬᠠᠷ᠎ᠠ ᠶᠢ ᠪᠠᠶᠢᠴᠠᠭᠠᠬᠤ ᠬᠡᠷᠡᠭᠲᠡᠶ᠃ ᠠᠯᠢ ᠨᠢᠭᠡ ᠭᠤᠭᠴᠤᠭ᠎ᠠ ᠳᠤ ᠵᠢᠭᠠᠬᠠᠨ ᠠᠯᠳᠠᠭ᠎ᠠ ᠪᠤᠷᠤᠭᠤ ᠭᠠᠷᠤᠭᠰᠠᠨ ᠴᠤ ᠮᠦᠷᠳᠡᠨ ᠪᠠᠶᠢᠴᠠᠭᠠᠬᠤ ᠠᠵᠢᠯ ᠢ ᠨᠥᠯᠥᠭᠡᠯᠡᠬᠦ ᠪᠣᠯᠤᠨ᠎ᠠ᠃ ᠡᠶᠢᠮᠦ ᠬᠡᠷᠡᠭ ᠢ ᠢᠯᠡᠷᠡᠭᠦᠯᠬᠦ ᠨᠢ ᠡᠩ ᠤᠨ ᠮᠡᠷᠭᠡᠵᠢᠯ ᠤᠨ ᠪᠤᠰᠤ ᠬᠦᠮᠦᠨ ᠪᠠ ᠣᠶᠢᠯᠠᠭᠠᠬᠤ ᠦᠭᠡᠢ ᠬᠥᠮᠦᠰ ᠤᠨ ᠪᠤᠳᠤᠭᠰᠠᠨ ᠰᠢᠭ᠋ ᠲᠡᠶᠢᠮᠦ ᠬᠢᠯᠪᠠᠷ ᠪᠢᠰᠢ ᠭᠡᠵᠦ ᠬᠡᠯᠡᠵᠦ ᠪᠣᠯᠤᠨ᠎ᠠ᠃ ᠦᠨᠡᠨ ᠳᠡᠭᠡᠨ ᠠᠵᠢᠯ ᠪᠣᠯ ᠲᠦᠢᠯ ᠤᠨ ᠶᠠᠷᠰᠢᠭ ᠲᠦᠪᠡᠭ ᠲᠠᠢ ᠶᠤᠮ᠂ ᠮᠠᠰᠢ ᠶᠡᠭᠡ ᠬᠦᠴᠦ ᠤᠷᠤᠭᠤᠯᠤᠮᠠᠨᠵᠢᠨ ᠰᠠᠶ᠋ᠢ ᠡᠶᠢᠮᠦ ᠬᠡᠷᠡᠭ ᠢ ᠢᠯᠡᠷᠡᠭᠦᠯᠵᠦ ᠴᠢᠳᠠᠨ᠎ᠠ᠃      ﹇ᠬᠥᠲᠥᠯᠥᠭᠴᠢ  ﹈ ᠪᠢᠳᠡ ᠡᠳᠦᠷ ᠲᠤᠲᠤᠮ ᠤᠨ ᠠᠮᠢᠳᠤᠷᠠᠯ ᠳᠤᠮᠳᠠ ᠪᠠᠨ  ᠶᠠᠭᠤ ᠶᠠᠭᠤ ᠶᠢ ᠠᠩᠬᠠᠷᠪᠠᠯ ᠵᠤᠬᠢᠬᠤ ᠪᠤᠢ︖ ᠴᠠᠬᠢᠯᠭᠠᠨ ᠬᠤᠯᠪᠣᠭᠠᠨ ᠤ ᠮᠡᠬᠡᠯᠡᠯ ᠢ ᠬᠡᠷᠬᠢᠨ ᠰᠡᠷᠭᠡᠶᠢᠯᠡᠬᠦ ᠪᠤᠢ︖ ᠬᠡᠷᠪᠡ ᠮᠡᠬᠡᠯᠡᠭᠳᠡᠪᠡᠯ ᠬᠤᠬᠢᠷᠠᠯ ᠢ ᠬᠡᠷᠬᠢᠨ ᠪᠠᠭᠠᠰᠬᠠᠬᠤ ᠪᠤᠢ︖      ﹇ᠪᠠᠶ ᠯᠦᠩ﹈ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠶ᠂ ᠬᠤᠪᠢ ᠶᠢᠨ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠵᠠᠳᠠᠷᠠᠭᠤᠯᠵᠤ ᠪᠣᠯᠬᠤ ᠦᠭᠡᠢ᠃ ᠴᠢᠮ᠎ᠠ ᠠᠴᠠ ᠨᠥᠭᠦᠭᠡ ᠡᠲᠡᠭᠡᠳ ᠤᠨ ᠪᠠᠩᠬᠢ ᠶᠢᠨ ᠺᠠᠷᠲ ᠤᠨ ᠮᠡᠳᠡᠭᠡ ᠵᠠᠩᠭᠢ ᠶᠢ ᠠᠪᠬᠤ ᠭᠡᠪᠡᠯ ᠠᠩᠬᠠᠷᠬᠤ ᠬᠡᠷᠡᠭᠲᠡᠶ᠂ ᠡᠨᠡ ᠪᠣᠯ ᠮᠡᠬᠡᠯᠡᠭᠴᠢ ᠶᠢᠨ ᠲᠠᠯᠪᠢᠭᠰᠠᠨ ᠤᠷᠬ᠎ᠠ᠂ ᠴᠢ ᠬᠡᠷᠪᠡ ᠲᠡᠭᠦᠨ ᠤ ᠵᠢᠯᠣᠭᠤᠳᠣᠯᠭ᠎ᠠ ᠶᠢ ᠳᠠᠭᠠᠪᠠᠯ᠂ ᠮᠦᠩᠭᠦ ᠪᠠᠨ ᠪᠦᠬᠦᠨ ᠢ ᠭᠡᠭᠡᠬᠦ ᠪᠣᠯᠤᠨ᠎ᠠ᠃ ᠲᠠᠨᠢᠬᠤ ᠦᠭᠡᠢ ᠬᠦᠮᠦᠨ ᠤ ᠢᠷᠡᠭᠦᠯᠦᠭᠰᠡᠨ ᠤᠲᠠᠰᠤ ᠶᠢ ᠠᠮᠠᠷᠬᠠᠨ ᠢᠲᠡᠭᠡᠵᠦ ᠪᠣᠯᠬᠤ ᠦᠭᠡᠢ᠃ ᠲᠠᠨᠢᠬᠤ ᠦᠭᠡᠢ ᠬᠥᠮᠦᠨ ᠤ ᠢᠷᠡᠭᠦᠯᠦᠭᠰᠡᠨ ᠤᠲᠠᠰᠤ ᠵᠣᠭᠤᠰ ᠮᠥᠩᠭᠦᠨ ᠤ ᠠᠰᠠᠭᠤᠳᠠᠯ ᠳᠤ ᠬᠤᠯᠪᠣᠭᠳᠠᠭᠰᠠᠨ ᠯᠡ ᠪᠠᠶᠢᠪᠠᠯ ᠤᠶᠢᠰᠢᠶᠠᠭᠰᠠᠨ ᠤ ᠬᠡᠷᠡᠭ ᠦᠭᠡᠢ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ᠃ ᠮᠡᠬᠡᠯᠡᠭᠴᠢ ᠺᠣᠮᠫᠢᠦ᠋ᠲ᠋ᠧᠷ ᠢᠶᠠᠷ ᠳᠠᠮᠵᠢᠨ ᠨᠣᠮᠧᠷ ᠢᠶᠠᠨ ᠥᠭᠡᠷᠡᠴᠢᠯᠡᠵᠦ ᠪᠤᠯᠳᠠᠭ᠂ ᠴᠢᠨᠦ ᠭᠠᠷ ᠤᠲᠠᠰᠤ ᠲᠡᠭᠡᠷ᠎ᠡ ᠶᠠᠮᠠᠷ ᠨᠢᠭᠡᠨ ᠪᠠᠶᠢᠭᠤᠯᠭ᠎ᠠ ᠶᠢᠨ ᠤᠲᠠᠰᠤ ᠢᠯᠡᠷᠡᠨ᠎ᠡ᠂ ᠦᠨᠡᠨ ᠳᠡᠭᠡᠨ ᠲᠡᠷᠡ ᠪᠣᠯ ᠮᠡᠬᠡᠯᠡᠭᠴᠢ ᠪᠤᠰᠤᠳ ᠤᠨ ᠨᠣᠮᠧᠷ ᠢᠶᠠᠷ ᠬᠠᠭᠤᠷᠮᠠᠭᠯᠠᠵᠤ ᠪᠠᠶᠢᠨ᠎ᠠ᠃ ᠡᠨᠡ ᠪᠣᠯ ᠶᠡᠷᠦ ᠶᠢᠨ ᠮᠡᠳᠡᠯᠭᠡ᠂ ᠦᠨᠡᠨ ᠳᠡᠭᠡᠨ ᠲᠧᠯᠸᠢᠰ ᠷᠠᠳᠢᠣ᠋ ᠨᠡᠪᠲᠡᠷᠡᠭᠦᠯᠭᠡ ᠦᠷᠭᠦᠯᠵᠢ ᠡᠳᠡᠭᠡᠷ ᠬᠡᠷᠡᠭ ᠤᠨ ᠵᠢᠱᠢᠶ᠎ᠡ ᠶᠢ ᠨᠡᠪᠲᠡᠷᠡᠭᠦᠯᠳᠡᠭ ᠪᠣᠯᠬᠤᠷ ᠠᠩᠬᠠᠷᠤᠯ ᠳᠠᠭᠠᠨ ᠠᠪᠬᠤ ᠬᠡᠷᠡᠭᠲᠡᠶ᠃      ᠪᠠᠭ᠎ᠠ ᠠᠰᠢᠭ ᠢ ᠬᠥᠭᠡᠭᠡᠴᠡᠯᠳᠦᠵᠦ ᠪᠣᠯᠬᠤ ᠦᠭᠡᠢ᠃ ᠴᠢᠮ᠎ᠠ ᠶᠢ ᠲᠤᠮᠤ ᠱᠠᠩᠨᠠᠯ ᠤᠯᠵᠠᠢ ᠭᠡᠪᠡᠯ ᠲᠤᠭᠳᠠᠭᠤᠨ ᠪᠠᠶᠢᠬᠤ ᠭᠡᠷᠡᠭᠳᠡᠢ᠂ ᠲᠡᠶᠢᠮᠦ ᠪᠢᠰᠢ ᠪᠣᠯ ᠮᠡᠬᠡᠯᠡᠭᠴᠢ ᠶᠢᠨ ᠮᠠᠯᠳᠠᠭᠰᠠᠨ ᠨᠦᠭᠡᠨ ᠳᠤ ᠤᠨᠠᠨ᠎ᠠ ᠰᠢᠤ᠂ ᠬᠥᠮᠦᠨ ᠯᠠᠪᠳᠠᠢ ᠵᠦᠭᠡᠷ ᠯᠡ ᠴᠢᠮ᠎ᠠ ᠳᠤ ᠵᠣᠭᠤᠰ ᠥᠭᠬᠦ ᠦᠭᠡᠢ ᠶᠤᠮ᠃ ᠱᠠᠩᠨᠠᠯ ᠤᠯᠤᠭᠰᠠᠨ ᠭᠡᠳᠡᠭ  ᠢᠶᠠᠨ ᠰᠤᠨᠤᠰᠤᠭᠠᠳ ᠴᠢ ᠨᠢᠭᠡᠮᠦᠰᠦᠨ ᠭᠦᠭᠰᠡᠵᠦ ᠪᠠᠶᠠᠷᠯᠠᠴᠢᠬᠠᠪᠠᠯ ᠮᠡᠬᠡᠯᠡᠭᠴᠢ ᠴᠢᠮ᠎ᠠ ᠶᠢ ᠳᠤᠷ᠎ᠠ ᠪᠠᠷ ᠢᠶᠠᠨ ᠵᠠᠬᠢᠷᠤᠨ᠎ᠠ᠂ ᠳᠠᠷᠠᠭ᠎ᠠ ᠳᠤᠨᠢ ᠴᠢᠮ᠎ᠠ ᠪᠠᠷ ᠤᠷᠢᠳᠠᠪᠠᠷ ᠨᠢᠭᠡ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠯᠭᠠᠨ᠎ᠠ᠂ ᠵᠠᠯᠭᠠᠭᠠᠳ ᠳᠠᠬᠢᠨ ᠠᠷᠭ᠎ᠠ ᠪᠤᠳᠤᠵᠤ ᠪᠠᠩᠬᠢ ᠶᠢᠨ ᠺᠠᠷᠲ ᠤᠨ ᠨᠢᠭᠤᠴᠠ ᠨᠣᠮᠧᠷ ᠢ ᠴᠢᠨᠢ ᠮᠡᠭᠡᠯᠡᠵᠦ ᠤᠯᠤᠭᠠᠳ ᠺᠠᠷᠲ ᠲᠠᠬᠢ ᠮᠦᠩᠭᠦ ᠶᠢ ᠴᠢᠨᠢ ᠬᠤᠭᠤᠰᠣᠯᠠᠨ᠎ᠠ᠃      ︽ᠪᠠᠴᠢᠮ  ᠪᠠᠶᠢᠳᠠᠯ︾ ᠲᠤᠯᠭᠠᠷᠠᠪᠠᠯ ᠪᠠᠯᠳᠠᠨ ᠰᠠᠨᠳᠤᠷᠴᠤ ᠪᠣᠯᠬᠤ ᠦᠭᠡᠢ᠂  ᠤᠷᠢᠳᠠᠪᠡᠷ ᠲᠠᠶᠢᠪᠤᠭᠤᠨ ᠪᠠᠶᠢᠵᠤ᠂ ᠰᠠᠶᠢᠬᠠᠨ ᠪᠤᠳᠤᠵᠤ ᠤᠬᠠᠭᠠᠨ ᠶᠢ ᠨᠢ ᠤᠯᠵᠤ ᠪᠠᠶᠢᠭᠠᠳ ᠬᠥᠳᠡᠯᠬᠦ ᠬᠡᠷᠡᠭᠳᠡᠢ᠃ ᠮᠡᠬᠡᠯᠡᠭᠴᠢ ᠭᠡᠷ ᠤᠨ ᠬᠦᠮᠦᠨ ᠴᠢᠨᠢ ᠲᠡᠷᠭᠡᠨ ᠠᠳᠡᠯ ᠭᠠᠷᠴᠠᠢ ᠭᠡᠵᠦ ᠴᠢᠮ᠎ᠠ ᠶᠢ ᠠᠶᠤᠯᠭᠠᠨ ᠮᠦᠩᠭᠦ ᠭᠤᠪᠢᠭᠤᠯᠤᠭᠤᠯᠤᠨ᠎ᠠ᠂ ᠴᠢ ᠲᠡᠩᠳᠡᠭᠦᠦ ᠰᠠᠨᠳᠤᠷᠤᠭᠰᠠᠨ ᠠᠴᠠ ᠪᠤᠷᠤᠭᠤ ᠭᠠᠷᠴᠤ ᠮᠡᠬᠡᠯᠡᠭᠳᠡᠵᠦ ᠮᠡᠳᠡᠨ᠎ᠡ᠃ ᠥᠪᠡᠷ ᠤᠨ ᠪᠡᠶ᠎ᠡ ᠪᠠᠷ ᠢᠶᠠᠨ ᠭᠡᠷ ᠤᠨ ᠬᠦᠮᠦᠨ ᠪᠤᠶᠤ ᠪᠤᠰᠤᠳ ᠬᠦᠮᠦᠨ ᠲᠠᠢ ᠤᠲᠠᠰᠤ ᠨᠡᠪᠳᠡᠷᠡᠭᠡᠳ ᠲᠤᠳᠤᠷᠠᠭᠤᠯᠪᠠᠯ ᠰᠢᠢᠳᠪᠦᠷᠢᠯᠡᠭᠳᠡᠴᠢᠬᠡᠨ᠎ᠡ᠃ ᠵᠠᠷᠢᠮ ᠦᠶ᠎ᠡ ᠳᠤ᠂ ᠲᠡᠭᠦᠨ ᠠᠴᠠ ᠴᠢ ᠬᠠᠮᠢᠭᠠᠬᠢ ᠪᠤᠢ ᠭᠡᠵᠦ ᠠᠰᠠᠭᠤᠵᠤ ᠪᠣᠯᠤᠨ᠎ᠠ᠂ ᠡᠰᠡᠷᠭᠦ ᠡᠲᠡᠭᠡᠳ ᠴᠢᠨᠢ ᠭᠠᠵᠠᠷ ᠢᠶᠠᠨ ᠪᠤᠷᠤᠭᠤ ᠬᠡᠯᠡᠭᠡᠳ ᠯᠡᠪᠡᠷᠡᠴᠢᠬᠡᠬᠦ ᠮᠠᠭᠠᠳ᠃      ᠬᠡᠷᠪᠡ ᠴᠠᠬᠢᠯᠭᠠᠨ ᠬᠤᠯᠪᠣᠭ᠎ᠠ ᠪᠠᠷ ᠮᠡᠬᠡᠯᠡᠭᠳᠡᠭᠰᠡᠨ ᠪᠠᠶᠢᠳᠠᠯ ᠲᠣᠬᠢᠶᠠᠯᠳᠤᠪᠠᠯ᠂ ᠬᠤᠬᠢᠷᠠᠯ ᠠᠮᠰᠠᠭᠴᠢ ᠤᠷᠢᠳᠠᠪᠡᠷ 110 ᠳᠤ ᠤᠲᠠᠰᠤᠳᠠᠵᠤ ᠴᠠᠭᠳᠠᠭ᠎ᠠ ᠳᠤ ᠮᠡᠳᠡᠭᠦᠯᠵᠦ᠂ ᠪᠠᠶᠢᠳᠠᠯ ᠢ ᠲᠣᠳᠣᠷᠬᠠᠶᠢᠯᠠᠭᠰᠠᠨ ᠤ ᠳᠠᠷᠠᠭ᠎ᠠ ᠳᠠᠷᠤᠶᠢᠬᠠᠨ ᠬᠠᠮᠤᠭ ᠤᠨ ᠤᠶᠢᠷᠠᠬᠠᠨ ᠡᠷᠡᠭᠦᠤ ᠶᠢᠨ ᠴᠠᠭᠳᠠᠭ᠎ᠠ ᠶᠢᠨ ᠳᠤᠮᠳᠠ ᠠᠩᠭᠢ ᠳᠤ ᠬᠦᠷᠴᠦ᠂ ᠵᠣᠭᠤᠰ ᠭᠤᠪᠢᠭᠤᠯᠤᠭᠰᠠᠨ ᠪᠠᠷᠢᠮᠲᠠ ᠪᠠᠨ ᠠᠪᠴᠤ᠂ ᠮᠡᠬᠡᠯᠡᠭᠴᠢ ᠶᠢᠨ ᠪᠠᠩᠭᠢ ᠶᠢᠨ ᠳᠠᠩᠰᠠᠨ ᠳ᠋ᠤᠭᠠᠷ ᠢ ᠲᠣᠳᠣᠷᠬᠠᠶ ᠴᠡᠭᠡᠵᠢᠯᠡᠵᠦ᠂ ᠴᠠᠭᠳᠠᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠴᠠᠬᠢᠯᠭᠠᠨ ᠬᠤᠯᠪᠣᠭᠠᠨ ᠤ ᠮᠡᠬᠡᠯᠡᠯ ᠢ ᠮᠦᠷᠳᠡᠨ ᠭᠦᠢᠴᠡᠳᠭᠡᠬᠦ ᠲᠠᠪᠴᠠᠩ ᠢᠶᠠᠷ ᠳᠠᠮᠵᠢᠨ ᠵᠤᠭᠤᠰ ᠭᠤᠪᠢᠭᠤᠯᠬᠤ ᠶᠢ ᠪᠠᠴᠢᠮ ᠵᠣᠭᠰᠣᠭᠠᠬᠤ ᠳᠤ ᠳᠥᠭᠦᠮ ᠦᠵᠡᠭᠦᠯᠦᠨ᠎ᠡ᠃ ᠳᠠᠷᠠᠭ᠎ᠠ ᠨᠢ ᠴᠠᠭ ᠲᠤᠬᠠᠢ ᠳᠤᠨᠢ ᠪᠠᠩᠬᠢ ᠤ ᠤᠳᠠᠰᠤᠨ ᠤ ᠦᠢᠯᠡᠴᠢᠯᠡᠭᠡ ᠪᠠᠷ ᠳᠠᠮᠵᠢᠭᠤᠯᠤᠨ ᠲᠠᠩᠰᠠᠨ ᠡᠷᠦᠭᠡ ᠶᠢ ᠴᠡᠪᠳᠡᠭᠯᠡᠵᠦ ᠭᠤᠪᠢᠭᠤᠯᠭ᠎ᠠ ᠶᠢ ᠵᠤᠭᠰᠤᠭᠠᠨ᠎ᠠ᠃ ᠳᠠᠷᠤᠶ ᠲᠤᠰ ᠮᠡᠬᠡᠯᠡᠯ ᠤᠨ ᠳᠠᠩᠰᠠᠨ ᠳ᠋ᠤᠭᠠᠷ ᠬᠠᠷᠢᠶᠠᠯᠠᠭᠳᠠᠬᠤ ᠪᠠᠩᠭᠢ ᠶᠢᠨ ᠦᠢᠯᠡᠴᠢᠯᠡᠭᠡᠨ ᠤ ᠤᠲᠠᠰᠤ ᠳᠤ ᠤᠳᠠᠰᠤᠳᠠᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠮᠡᠬᠡᠯᠡᠯ ᠤᠨ ᠳᠠᠩᠰᠠᠨ ᠳ᠋ᠤᠭᠠᠷ ᠢ ᠤᠷᠤᠭᠤᠯᠤᠭᠰᠠᠨ ᠤ ᠲᠠᠷᠠᠭ᠎ᠠ ᠭᠤᠷᠪᠠ ᠤᠳᠠᠭ᠎ᠠ ᠪᠤᠷᠤᠭᠤ ᠨᠢᠭᠤᠴᠠ ᠨᠣᠮᠧᠷ ᠤᠷᠤᠭᠤᠯᠪᠠᠯ ᠲᠤᠰ ᠮᠡᠬᠡᠯᠡᠯ ᠤᠨ ᠳᠠᠩᠰᠠᠨ ᠳ᠋ᠤᠭᠠᠷ ᠢ ᠴᠡᠪᠳᠡᠭᠯᠡᠵᠦ ᠮᠦᠩᠭᠦ ᠭᠤᠪᠢᠭᠤᠯᠬᠤ ᠶᠢ ᠵᠤᠭᠰᠤᠭᠠᠵᠤ ᠪᠤᠯᠤᠨ᠎ᠠ᠂ ᠲᠤᠰ ᠡᠳᠦᠷ ᠤᠨ 24 ᠴᠠᠭ ᠪᠣᠯᠲᠠᠯ᠎ᠠ ᠴᠡᠪᠳᠡᠭᠯᠡᠨ᠎ᠡ᠃ ᠰᠦᠯᠵᠢᠶᠡᠨ ᠳᠡᠭᠡᠷᠡᠬᠢ ᠪᠠᠩᠬᠢ ᠪᠠᠷ ᠳᠠᠮᠵᠢᠭᠤᠯᠤᠨ ᠭᠤᠪᠢᠭᠤᠯᠭ᠎ᠠ ᠶᠢ ᠵᠤᠭᠰᠤᠭᠠᠵᠤ ᠪᠤᠯᠤᠨ᠎ᠠ᠃ ᠳᠠᠷᠤᠶ ᠲᠤᠰ ᠮᠡᠬᠡᠯᠡᠯ ᠤᠨ ᠳᠠᠩᠰᠠᠨ ᠳ᠋ᠤᠭᠠᠷ ᠬᠠᠷᠢᠶᠠᠯᠠᠭᠳᠠᠬᠤ ᠪᠠᠩᠬᠢ ᠶᠢᠨ ᠰᠦᠯᠵᠢᠶᠡᠨ ᠤ ᠬᠠᠶ᠋ᠢᠭ ᠢᠶᠠᠷ ︽ᠰᠦᠯᠵᠢᠶᠡᠨ ᠳᠡᠭᠡᠷᠡᠬᠢ ᠪᠠᠩᠬᠢ︾ ᠶᠢᠨ ᠨᠢᠭᠤᠷ ᠲᠤ ᠣᠷᠣᠵᠤ ᠲᠤᠰ ᠮᠡᠬᠡᠯᠡᠯ ᠤᠨ ᠳᠠᠩᠰᠠᠨ ᠳ᠋ᠤᠭᠠᠷ ᠢ ᠤᠷᠤᠭᠤᠯᠤᠭᠰᠠᠨ ᠤ ᠲᠠᠷᠠᠭ᠎ᠠ ᠭᠤᠷᠪᠠ ᠤᠳᠠᠭ᠎ᠠ ᠪᠤᠷᠤᠭᠤ ᠨᠢᠭᠤᠴᠠ ᠨᠣᠮᠧᠷ ᠤᠷᠤᠭᠤᠯᠪᠠᠯ ᠲᠤᠰ ᠮᠡᠬᠡᠯᠡᠯ ᠤᠨ ᠳᠠᠩᠰᠠᠨ ᠳ᠋ᠤᠭᠠᠷ ᠢ ᠴᠡᠪᠳᠡᠭᠯᠡᠵᠦ ᠮᠦᠩᠭᠦ ᠭᠤᠪᠢᠭᠤᠯᠬᠤ ᠶᠢ ᠵᠣᠭᠰᠣᠭᠠᠵᠤ ᠪᠤᠯᠤᠨ᠎ᠠ᠂ ᠲᠤᠰ ᠡᠳᠦᠷ ᠤᠨ 24 ᠴᠠᠭ ᠪᠣᠯᠲᠠᠯ᠎ᠠ ᠴᠡᠪᠳᠡᠭᠯᠡᠨ᠎ᠡ᠃ ᠬᠡᠷᠪᠡ ᠪᠠᠩᠬᠢ ᠠᠯᠤᠰᠯᠠᠭᠰᠠᠨ ᠪᠠᠶᠢᠪᠠᠯ ᠰᠢᠭᠤᠳ ᠮᠦᠩᠭᠦ ᠭᠤᠪᠢᠭᠤᠯᠤᠭᠰᠠᠨ ᠪᠠᠩᠭᠢ ᠶᠢᠨ ᠦᠢᠯᠡᠴᠢᠯᠡᠭᠡᠨ ᠤ ᠭᠠᠵᠠᠷ ᠲᠤ ᠬᠦᠷᠴᠦ ᠭᠤᠪᠢᠭᠤᠯᠤᠭᠰᠠᠨ ᠮᠦᠩᠭᠦ ᠪᠠᠨ ᠪᠠᠴᠢᠮ ᠬᠤᠷᠢᠭᠯᠠᠵᠤ ᠠᠪᠬᠤ ᠪᠠᠷ ᠱᠠᠭᠠᠷᠳᠠᠵᠤ ᠪᠤᠯᠤᠨ᠎ᠠ᠃      ᠨᠠᠶᠢᠵᠠ ᠨᠠᠷ ᠡ᠂ ᠬᠦᠬᠡᠬᠤᠳᠠ ᠶᠢᠨ ᠮᠡᠬᠡᠯᠡᠯ ᠢ ᠡᠰᠡᠷᠭᠦᠴᠡᠬᠦ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ ᠪᠣᠯᠤᠨ᠎ᠠ᠂ ᠡᠨᠡᠬᠦ ᠣᠯᠠᠨ ᠨᠡᠶᠢᠲᠡ ᠶᠢᠨ ᠳ᠋ᠤᠭᠠᠷ ᠨᠢ ᠦᠷᠭᠦᠯᠵᠢ ᠬᠠᠮᠤᠭ ᠤᠨ ᠰᠢᠨ᠎ᠡ ᠮᠡᠬᠡᠯᠡᠬᠦ ᠠᠷᠭ᠎ᠠ ᠪᠠᠷᠢᠯ ᠶᠢ ᠲᠠᠨᠢᠯᠴᠠᠭᠤᠯᠵᠤ᠂ ᠣᠯᠠᠨ ᠨᠡᠶᠢᠲᠡ ᠶᠢ ᠠᠩᠬᠠᠷᠤᠨ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃      ﹇ᠬᠠᠮᠢᠶᠠᠷᠤᠭᠴᠢ﹈ ᠬᠦᠬᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠵᠤᠤ ᠬᠤᠩ ᠴᠢᠤᠸᠠᠨ᠂ ᠡᠷᠡᠭᠦᠤ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠴᠠᠭᠳᠠᠭ᠎ᠠ ᠪᠠᠶ ᠯᠦᠩ ᠳᠤ ᠪᠠᠶᠠᠷᠯᠠᠯ᠎ᠠ᠂ ᠰᠦᠯᠵᠢᠶᠡᠨ ᠨᠦᠬᠦᠳ ᠤᠨ ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠪᠠᠶᠠᠷᠯᠠᠯ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠵᠦ ᠪᠠᠶᠢᠨ᠎ᠠ᠃ ᠪᠠᠶᠠᠷᠯᠠᠯ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ