ᠬᠥᠬᠡᠬᠤᠲᠠ ᠶᠢᠨ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠣᠰᠬᠠᠬᠤ ᠨᠥᠬᠦᠪᠦᠷᠢ ᠶᠢ ᠭᠤᠶᠤᠴᠢᠯᠠᠬᠤ
ᠨᠡᠶᠢᠲᠡᠯᠡᠭᠰᠡᠨ ᠴᠠᠭ᠄
2019-09-05
      ᠨᠥᠬᠦᠪᠦᠷᠢ ᠣᠯᠬᠤ ᠡᠲᠡᠭᠡᠳ ᠵᠢᠴᠢ ᠪᠠᠷᠢᠮᠵᠢᠶ᠎ᠠ  ᠄ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠡᠷᠬᠢᠯᠡᠭᠰᠡᠨ ᠮᠥᠷᠲᠡᠭᠡᠨ ᠠᠵᠤ ᠠᠬᠤᠶᠢᠯᠠᠯ ᠪᠤᠶᠤ ᠬᠤᠪᠢ ᠶᠢᠨ ᠡᠵᠡᠩᠨᠡᠯᠲᠡ ᠶᠢᠨ ᠬᠤᠳᠠᠯᠳᠤᠭ᠎ᠠ ᠨᠢ ᠳᠠᠩᠰᠠᠯᠠᠭᠤᠯᠤᠭᠰᠠᠨ ᠠᠴᠠ ᠨᠠᠰᠢ 1 ᠵᠢᠯ ᠠᠴᠠ ᠳᠡᠭᠡᠭᠰᠢ ᠬᠡᠪ ᠤᠨ ᠪᠠᠶᠢᠳᠠᠯ ᠢᠶᠠᠷ ᠡᠵᠡᠩᠨᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠡᠳ 2 ᠵᠢᠯ ᠪᠣᠯᠤᠭ᠎ᠠ ᠦᠭᠡᠢ ᠤᠶᠤᠲᠠᠨ᠂ ᠠᠵᠢᠯ ᠣᠯᠬᠤ ᠳᠤ ᠬᠦᠴᠢᠷᠲᠡᠢ ᠬᠥᠮᠥᠰ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦ ᠳᠤ 5000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠣᠰᠬᠠᠬᠤ ᠨᠥᠬᠦᠪᠦᠷᠢ ᠣᠯᠭᠤᠨ᠎ᠠ᠃      ᠭᠤᠶᠤᠴᠢᠯᠠᠭᠴᠢ ᠠᠴᠠ ᠵᠢᠯ ᠪᠦᠷᠢ ᠶᠢᠨ 4 ᠳ᠋ᠦ᠋ᠭᠡᠷ ᠰᠠᠷ᠎ᠠ ᠪᠤᠶᠤ 10 ᠳ᠋ᠤᠭᠠᠷ ᠰᠠᠷ᠎ᠠ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠠᠪᠴᠤ ᠠᠵᠤ ᠠᠬᠤᠶᠢᠯᠠᠯ ᠤᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠴᠦ ᠭᠤᠶᠤᠴᠢᠯᠠᠨ᠎ᠠ᠃ ᠭᠤᠶᠤᠴᠢᠯᠠᠨ ᠮᠡᠳᠡᠭᠦᠯᠬᠦ ᠳᠤ ᠱᠠᠭᠠᠷᠳᠠᠭᠳᠠᠬᠤ ᠮᠠᠲ᠋ᠧᠷᠢᠶᠠᠯ᠄  ︽ᠬᠥᠬᠡᠬᠤᠲᠠ ᠶᠢᠨ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠣᠰᠬᠠᠬᠤ ᠨᠥᠬᠦᠪᠦᠷᠢ ᠶᠢ ᠭᠤᠶᠤᠴᠢᠯᠠᠬᠤ ᠬᠦᠰᠦᠨᠦᠭᠲᠦ︾︔ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠠᠵᠢᠯ ᠣᠯᠵᠤ ᠦᠢᠯᠡᠰ ᠪᠣᠰᠬᠠᠬᠤ ᠦᠨᠡᠮᠯᠡᠯ ︵ᠡᠰᠡᠬᠦᠯ᠎ᠡ ᠠᠵᠢᠯ ᠣᠯᠵᠤ ᠠᠵᠢᠯ ᠠᠯᠳᠠᠭᠰᠠᠨ ᠦᠨᠡᠮᠯᠡᠯ︶︔ ᠣᠶᠤᠲᠠᠨ ᠤ ᠲᠡᠭᠦᠰᠬᠦ ᠦᠨᠡᠮᠯᠡᠯ︔ ᠡᠵᠡᠩᠨᠡᠯᠲᠡ ᠶᠢᠨ ᠪᠠᠲᠤᠯᠠᠪᠤᠷᠢ ︵ᠡᠰᠡᠬᠦᠯ᠎ᠡ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠳᠡᠭᠯᠡᠭᠦᠯᠦᠭᠰᠡᠨ ᠦᠨᠡᠮᠯᠡᠯ᠂ ᠠᠷᠠᠳ ᠤᠨ ᠶᠠᠪᠤᠳᠠᠯ ᠤᠨ ᠳᠠᠩᠰᠠᠯᠠᠨ ᠲᠡᠮᠳᠡᠭᠯᠡᠭᠦᠯᠦᠭᠰᠡᠨ ᠦᠨᠡᠮᠯᠡᠯ᠂ ︽ᠰᠦᠯᠵᠢᠶᠡᠨ ᠳᠡᠯᠭᠡᠭᠦᠷ︾ ᠨᠡᠭᠡᠭᠡᠨ ᠡᠷᠬᠢᠯᠡᠭᠰᠡᠨ ᠪᠠᠶᠢᠪᠠᠯ᠂ ᠰᠦᠯᠵᠢᠶᠡᠨ ᠬᠠᠶ᠋ᠢᠭ ᠪᠠ ᠳᠠᠩᠰᠠᠯᠠᠨ ᠲᠡᠮᠳᠡᠭᠯᠡᠬᠦ ᠨᠢᠭᠤᠷ ᠤᠨ ᠣᠭᠲᠣᠯᠤᠭᠠᠰᠤ ᠵᠢᠷᠤᠭ᠂ ᠲᠣᠭᠠᠴᠠᠭ᠎ᠠ ᠬᠢᠬᠦ ᠲᠠᠪᠴᠠᠩ ᠤᠨ ᠣᠷᠣᠯᠭ᠎ᠠ ᠵᠠᠷᠤᠯᠭ᠎ᠠ ᠶᠢᠨ ᠨᠠᠷᠢᠨ ᠳᠠᠩᠰᠠ ᠂ ᠪᠣᠷᠣᠯᠠᠭᠤᠯᠬᠤ ᠦᠢᠯᠡᠳᠬᠦᠨ ᠤ ᠭᠠᠷᠴᠠᠭ ᠵᠢᠴᠢ ᠨᠢᠭᠡᠴᠢ ᠦᠨ᠎ᠡ ᠵᠡᠷᠭᠡ ᠮᠠᠲ᠋ᠧᠷᠢᠶᠠᠯ ᠢ ᠬᠠᠩᠭᠠᠨ᠎ᠠ︶︔ ᠦᠢᠯᠡᠰ ᠪᠣᠰᠬᠠᠬᠤ ᠪᠡᠶᠡᠴᠢ ᠴᠣᠭᠴᠠ ᠨᠢ ᠺᠣᠮᠫᠠᠨᠢ ᠪᠤᠶᠤ ᠠᠵᠤ ᠠᠬᠤᠶᠢᠯᠠᠯ ᠪᠣᠯᠪᠠᠯ ᠪᠠᠩᠬᠢ ᠳᠤ ᠨᠡᠭᠡᠭᠡᠭᠰᠡᠨ ᠦᠨᠳᠦᠰᠦᠨ ᠳᠠᠩᠰᠠᠨ ᠡᠷᠦᠬᠡ ᠪᠠᠨ ᠬᠠᠩᠭᠠᠬᠤ ᠬᠡᠷᠡᠭᠲᠡᠶ︔ ︽ᠦᠢᠯᠡᠰ ᠪᠣᠰᠬᠠᠬᠤ ᠲᠥᠷᠥᠯ ᠵᠦᠢᠯ ᠤᠨ ᠲᠥᠯᠥᠪᠯᠡᠭᠡ ᠶᠢᠨ ᠪᠢᠴᠢᠭ︾ ᠲᠤ ᠡᠵᠡᠩᠨᠡᠯᠲᠡ ᠶᠢᠨ ᠪᠠᠶᠢᠳᠠᠯ᠂ ᠬᠥᠮᠦᠨ ᠡᠯᠰᠡᠨ ᠬᠡᠷᠡᠭᠯᠡᠬᠦ ᠪᠠ ᠴᠠᠯᠢᠩ ᠣᠯᠭᠤᠵᠤ ᠪᠠᠶᠢᠭ᠎ᠠ ᠪᠠᠶᠢᠳᠠᠯ ᠪᠣᠯᠤᠨ ᠬᠥᠭᠵᠢᠯᠲᠡ ᠶᠢᠨ ᠢᠷᠡᠭᠡᠳᠦᠢ ᠶᠢᠨ ᠵᠠᠪᠠᠯ ᠪᠠᠶᠢᠬᠤ ᠳᠥᠷᠪᠡᠨ ᠵᠤᠷᠪᠤᠰ ᠪᠠᠶᠢᠬᠤ ᠶᠢᠨ ᠬᠠᠮᠲᠤ ᠭᠡᠷᠡᠴᠢ ᠮᠠᠲ᠋ᠧᠷᠢᠶᠠᠯ ᠳᠠᠭᠠᠯᠳᠤᠭᠤᠯᠬᠤ ᠬᠡᠷᠡᠭᠲᠡᠶ᠃ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ︶ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠤᠶᠤᠴᠢᠯᠠᠭᠴᠢ ᠶᠢᠨ ᠦᠢᠯᠡᠰ ᠪᠣᠰᠬᠠᠭᠰᠠᠨ ᠪᠠᠶᠢᠳᠠᠯ ᠵᠢᠴᠢ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠭᠦᠢᠴᠡᠳ ᠡᠰᠡᠬᠦ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠭᠤᠶᠤᠴᠢᠯᠠᠭᠴᠢ ᠶᠢᠨ ᠪᠡᠶ᠎ᠡ ᠶᠢᠨ ᠬᠡᠮ᠂ ᠦᠢᠯᠡᠰ ᠪᠣᠰᠬᠠᠬᠤ ᠲᠥᠷᠥᠯ ᠵᠦᠢᠯ ᠤᠨ ᠬᠡᠪ ᠤᠨ ᠡᠵᠡᠩᠨᠡᠯᠲᠡ ᠶᠢᠨ ᠴᠠᠭ ᠬᠤᠭᠤᠴᠠᠭ᠎ᠠ᠂ ᠠᠩᠬ᠎ᠠ ᠤᠳᠠᠭ᠎ᠠ ᠦᠢᠯᠡᠰ ᠪᠣᠰᠬᠠᠬᠤ ᠪᠠᠶᠢᠭ᠎ᠠ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠶᠢᠨ ᠬᠠᠮᠲᠤ ᠤᠯᠤᠰ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠳᠣᠲᠣᠷ᠎ᠠ ᠬᠠᠷᠢᠴᠠᠭᠤᠯᠤᠨ ᠪᠠᠶᠢᠴᠠᠭᠠᠨ ᠯᠠᠪᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号