ᠰᠢᠨ᠎ᠡ ᠬᠤᠲᠠ ᠲᠣᠭᠤᠷᠢᠭ ᠤᠨ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠹᠠᠨ ᡁᠢ ᠵᠦᠩ ᠨᠠᠷ  ᠲᠤᠭᠤᠷᠢᠭ ᠲᠤ ᠰᠠᠭᠤᠭ᠎ᠠ ᠴᠡᠷᠢᠭ ᠠᠩᠭᠢ ᠪᠣᠯᠤᠨ ᠠᠰᠠᠷᠠᠨ ᠬᠠᠷᠠᠭᠠᠯᠵᠠᠬᠤ ᠡᠲᠡᠭᠡᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2020-01-10
     1 ᠳ᠋ᠦ᠋ᠭᠡᠷ ᠰᠠᠷ᠎ᠠ ᠶᠢᠨ 7 ᠤ ᠡᠳᠦᠷ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠹᠠᠨ ᡁᠢ ᠵᠦᠩ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠮᠧᠩ ᠱᠣ᠋ ᠲᠤᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠵᠤᠤ ᠶᠠᠨ ᠷᠦ᠋᠂ ᠰᠢᠨ᠎ᠡ ᠬᠤᠲᠠ ᠲᠣᠭᠤᠷᠢᠭ ᠤᠨ ᠳᠡᠳ᠋ ᠭᠠᠵᠠᠷ ᠤᠨ ᠳᠡᠰ ᠤᠨ ᠳᠠᠷᠤᠭ᠎ᠠ ᠰᠢᠶᠧ ᠵᠠᠨ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠵᠠᠩ ᠪᠥᠸᠧ ᠸᠧᠨ᠂ ᠰᠢᠨ᠎ᠡ ᠬᠤᠲᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ ᠳ᠋ᠠᠶ ᠼᠠᠢ ᠰᠢᠶᠠ ᠨᠠᠷ ᠲᠣᠭᠤᠷᠢᠭ ᠲᠤ ᠰᠠᠭᠤᠭ᠎ᠠ ᠴᠡᠷᠢᠭ ᠠᠩᠭᠢ ᠪᠣᠯᠤᠨ ᠠᠰᠠᠷᠠᠨ ᠬᠠᠷᠠᠭᠠᠯᠵᠠᠬᠤ ᠡᠲᠡᠭᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃
     ᠹᠠᠨ ᡁᠢ ᠵᠦᠩ ᠨᠠᠷ ᠤᠷᠢᠳ ᠬᠤᠵᠢᠳ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠱᠲ᠋ᠠᠪ ᠤᠨ ᠭᠠᠵᠠᠷ ᠤᠨ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠪᠡᠯᠡᠳᠬᠡᠯ ᠰᠠᠯᠪᠤᠷᠢ ᠠᠩᠭᠢ ᠳᠤ ᠬᠦᠷᠴᠦ᠂ ᠬᠦᠷᠦᠭᠰᠡᠨ ᠭᠠᠵᠠᠷ ᠪᠣᠯᠭᠠᠨ ᠳᠠᠭᠠᠨ ᠴᠥᠮ ᠳᠠᠷᠤᠭ᠎ᠠ ᠪᠠᠶᠢᠯᠳᠤᠭᠴᠢᠳ ᠲᠠᠢ ᠳᠣᠲᠣᠨᠣᠰᠤᠭ ᠢᠶᠠᠷ ᠭᠠᠷ ᠠᠳᠬᠤᠨ ᠶᠠᠷᠢᠯᠴᠠᠵᠤ᠂ ᠠᠮᠢᠳᠤᠷᠠᠯ ᠤᠨ ᠪᠠᠲᠤᠯᠠᠭ᠎ᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠰᠢᠨ᠎ᠡ ᠬᠤᠲᠠ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠯ ᠢᠶᠠᠨ ᠢᠯᠡᠳᠭᠡᠪᠡ᠃ ᠹᠠᠨ ᡁᠢ ᠵᠦᠩ ᠵᠢᠭᠠᠵᠤ ᠭᠠᠷᠭᠠᠭᠰᠠᠨ ᠨᠢ᠂ ᠣᠷᠣᠨ ᠤ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠭᠦᠨᠵᠡᠭᠡᠶ ᠰᠠᠶᠢᠲᠤᠷ ᠬᠢᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠰᠠᠶᠢᠲᠤᠷ ᠪᠠᠲᠤᠯᠠᠬᠤ ᠬᠡᠷᠡᠭᠲᠡᠶ ᠭᠡᠰᠡᠨ ᠪᠥᠭᠡᠳ ᠳᠠᠭᠠᠵᠤ ᠶᠠᠪᠤᠭ᠎ᠠ ᠴᠡᠷᠢᠭ ᠠᠴᠠ ᠬᠠᠯᠠᠭᠳᠠᠭᠰᠠᠳ ᠤᠨ ᠠᠵᠢᠯᠲᠠᠳ ᠳᠤ ᠡᠷᠬᠡᠪᠰᠢ ᠴᠡᠷᠢᠭ ᠢ ᠳᠠᠭᠠᠭᠰᠠᠨ ᠠᠵᠢᠯ ᠣᠯᠤᠭᠠᠳᠤᠶ ᠠᠮᠢᠳᠤᠷᠠᠯ ᠤᠨ ᠨᠥᠬᠦᠪᠥᠷᠢ ᠶᠢ ᠴᠠᠭ ᠲᠤᠬᠠᠶ ᠳᠤᠨᠢ ᠰᠠᠶᠢᠲᠤᠷ ᠥᠭᠴᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠦᠢᠯᠡᠳᠪᠦᠷᠢᠯᠡᠯ ᠠᠮᠢᠳᠤᠷᠠᠯ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠳᠠᠷᠤᠭ᠎ᠠ ᠪᠠᠶᠢᠯᠳᠤᠭᠴᠢᠳ ᠪᠠᠰᠠ᠄ ᠬᠤᠶᠢᠰᠢᠳᠠ ᠶᠢᠨ ᠠᠵᠢᠯ ᠤᠨ ᠳᠤᠮᠳᠠ ᠰᠢᠯᠢᠳᠡᠭ ᠰᠣᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃
     ᠳᠠᠷᠠᠭ᠎ᠠ ᠨᠢ ᠹᠠᠨ ᡁᠢ ᠵᠦᠩ ᠨᠠᠷ ᠴᠡᠷᠢᠭ ᠤᠨ ᠠᠯᠪᠠ ᠠᠴᠠ ᠬᠠᠯᠠᠭᠳᠠᠵᠤ ᠨᠤᠲᠤᠭ ᠲᠠᠭᠠᠨ ᠪᠠᠶᠢᠭ᠎ᠠ ᠴᠡᠷᠢᠭ ᠯᠢ ᠶᠢᠩ᠂ ᠵᠤᠤ ᠬᠦᠶ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠦᠨ ᠮᠧᠶ ᠬᠤᠸᠠ ᠪᠣᠯᠤᠨ ᠵᠡᠮᠳᠡᠭ ᠴᠡᠷᠢᠭ ᠳ᠋ᠦᠩ ᠴᠢᠤᠸᠠᠨ ᠷᠧᠨ ᠢ ᠲᠣᠬᠤᠨᠢᠭᠤᠯᠪᠠ᠃ ᠲᠣᠬᠤᠨᠢᠭᠤᠯᠬᠤ ᠡᠲᠡᠭᠡᠳ ᠤᠨ ᠭᠡᠷ ᠲᠤ ᠬᠦᠷᠴᠦ᠂ ᠹᠠᠨ ᡁᠢ ᠵᠦᠩ ᠲᠡᠳᠡᠨ ᠤ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂  ᠪᠣᠲᠠᠲᠠᠢ ᠬᠦᠴᠢᠷᠳᠡᠯ ᠢ ᠨᠢ ᠣᠶᠢᠯᠠᠭᠠᠨ᠂ ᠲᠡᠳᠡᠨ ᠤ ᠤᠯᠤᠰ ᠣᠷᠣᠨ ᠪᠠ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠹᠠᠨ ᡁᠢ ᠵᠦᠩ ᠳᠠᠭᠠᠵᠤ ᠶᠠᠪᠤᠭ᠎ᠠ ᠴᠡᠷᠢᠭ ᠠᠴᠠ ᠬᠠᠯᠠᠭᠳᠠᠬᠰᠠᠳ ᠤᠨ ᠠᠵᠢᠯᠲᠠᠳ ᠳᠤ ᠡᠯ᠎ᠡ ᠵᠤᠶᠢᠯ ᠤᠨ ᠬᠠᠷᠠᠭᠠᠯᠵᠠᠨ ᠲᠡᠳᠭᠦᠬᠦ ᠲᠦᠷᠦ ᠶᠢᠨ ᠪᠣᠳᠣᠯᠭ᠎ᠠ ᠶᠢ ᠰᠠᠶᠢᠲᠤᠷ  ᠨᠠᠶᠢᠲᠠᠪᠤᠷᠢᠵᠢᠭᠤᠯᠵᠤ᠂ ᠲᠡᠳᠡᠨ ᠤ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠢ ᠲᠡᠳᠡᠨ ᠤ ᠰᠡᠳᠬᠢᠯ ᠳᠤ ᠬᠦᠷᠭᠡᠬᠦ ᠬᠡᠷᠡᠭᠲᠡᠶ ᠭᠡᠵᠦ ᠵᠠᠬᠢᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号