ᠵᠢᠯ ᠤᠨ ᠡᠴᠦᠰ ᠤᠶᠢᠷᠠᠲᠤᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠬᠠᠷᠠᠭᠠᠯᠵᠠᠵᠤ᠂ ᠴᠡᠷᠢᠭ ᠠᠴᠠ | ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ | ᠲᠥᠯᠥᠭᠡ᠂ 1 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠵᠠᠰᠠᠭ | ᠤᠨ ᠣᠷᠳᠣᠨ ᠤ ᠳᠡᠳ᠋ ᠭᠠᠵᠠᠷ ᠤᠨ ᠳᠡᠰ ᠤᠨ ᠳᠠᠷᠤᠭ᠎ᠠ ᠰᠢᠶᠧ ᠵᠠᠨ᠂ ᠰᠢᠨ᠎ᠡ ᠬᠤᠲᠠ ᠲᠣᠭᠤᠷᠢᠭ ᠤᠨ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ ᠳ᠋ᠠᠶ ᠼᠠᠢ ᠰᠢᠶᠠ ᠵᠢᠴᠢ ᠠᠵᠢᠯᠲᠠᠳ ᠲᠤᠬᠤᠨᠢᠭᠤᠯᠬᠤ | ᠳᠣᠭᠤᠶᠢᠯᠠᠩ ᠵᠤᠬᠢᠶᠠᠨ ᠪᠠᠶᠢᠭᠤᠯᠵᠤ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ | ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠶ᠃ | | | | | | ᠲᠤᠬᠤᠨᠢᠭᠤᠯᠬᠤ ᠳᠤᠭᠤᠶᠢᠯᠠᠩ ᠤᠷᠢᠳ ᠬᠤᠵᠢᠳ ︽ᠪᠦᠬᠦ ᠤᠯᠤᠰ ᠤᠨ ᠵᠢᠱᠢᠶᠡᠴᠢ ᠴᠡᠷᠢᠭ ᠠᠴᠠ | ᠬᠠᠯᠠᠭᠳᠠᠭᠰᠠᠳ︾ ᠯᠢ ᠸᠧᠨ ᠫᠦ᠂ ᠥᠪᠥᠷ ᠮᠣᠩᠭᠤᠯ ᠤᠨ 2019 ᠤᠨ ᠤ ︽ᠬᠠᠮᠤᠭ ᠤᠨ ᠭᠤᠶᠤ ᠴᠡᠷᠢᠭ ᠠᠴᠠ | ᠬᠠᠯᠠᠭᠳᠠᠭᠰᠠᠳ︾ ᠸᠧᠶ ᠮᠢᠩ ᠪᠣᠯᠤᠨ 7 ᠡᠷᠦᠬᠡ ᠠᠮᠢᠳᠤᠷᠠᠯ ᠨᠢ ᠬᠦᠴᠢᠷᠳᠡᠯᠲᠡᠶ ᠴᠡᠷᠢᠭ ᠠᠴᠠ ᠬᠠᠯᠠᠭᠳᠠᠭᠰᠠᠳ ᠢ | ᠲᠣᠬᠤᠨᠢᠭᠤᠯᠪᠠ᠃ ᠬᠦᠷᠦᠭᠰᠡᠨ ᠭᠠᠵᠠᠷ ᠪᠣᠯᠭᠠᠨ ᠳᠤ᠂ ᠰᠢᠶᠧ ᠵᠠᠨ ᠪᠣᠯᠤᠨ ᠳ᠋ᠠᠶ ᠼᠠᠢ ᠰᠢᠶᠠ ᠴᠥᠮ ᠴᠡᠷᠢᠭ ᠠᠴᠠ | ᠬᠠᠯᠠᠭᠳᠠᠭᠰᠠᠳ ᠵᠢᠴᠢ ᠲᠡᠳᠡᠨ ᠤ ᠭᠡᠷ ᠪᠦᠯᠢ ᠶᠢᠨ ᠬᠡᠨ ᠲᠠᠢ ᠳᠣᠲᠣᠨᠣ ᠪᠠᠷ ᠭᠠᠷ ᠠᠳᠬᠤᠵᠤ᠂ ᠶᠠᠷᠢᠯᠴᠠᠵᠤ᠂ | ᠲᠡᠳᠡᠨ ᠤ ᠪᠡᠶ᠎ᠡ ᠮᠠᠬᠠᠪᠣᠳ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠴᠡᠷᠢᠭ | ᠤᠨ ᠠᠮᠢᠳᠤᠷᠠᠯ ᠤᠨ ᠳᠤᠮᠳᠠᠬᠢ ᠬᠤᠪᠣᠷ ᠨᠠᠨᠳᠢᠨ ᠡᠷᠭᠢᠴᠡᠭᠦᠯᠦᠯ ᠢ ᠨᠠᠷᠢᠨ ᠬᠢᠨᠠᠮᠠᠭᠠᠶ ᠰᠤᠨᠤᠰᠴᠣ᠂ ᠲᠡᠳᠡᠨ ᠤ ᠤᠯᠤᠰ | ᠣᠷᠣᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ | ᠬᠠᠮᠲᠤ ᠲᠡᠳᠡᠨ ᠳᠤ ᠨᠠᠮ ᠪᠣᠯᠤᠨ ᠤᠯᠤᠰ ᠤᠨ ᠰᠠᠶᠢᠨ ᠲᠥᠷᠦ ᠶᠢᠨ ᠪᠣᠳᠣᠯᠭ᠎ᠠ ᠵᠢᠨᠲ᠋ᠠᠶᠢᠯᠤᠮᠵᠢ ᠬᠢᠪᠡ᠃ | | | | | | ᠴᠠᠭᠠᠨ ᠰᠠᠷ᠎ᠠ ᠶᠢᠨ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠨᠢ ᠴᠡᠷᠢᠭ ᠠᠴᠠ | ᠬᠠᠯᠠᠭᠳᠠᠭᠰᠠᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠡᠶ᠃ ᠰᠢᠨ᠎ᠡ | ᠬᠤᠲᠠ ᠲᠣᠭᠤᠷᠢᠭ ᠴᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠦᠬᠦᠷᠡᠰᠢ | ᠦᠭᠡᠢ ᠲᠡᠷᠡ ᠶᠤᠰᠤᠭᠠᠷ ᠨᠢ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ ᠪᠠ ᠢᠷᠠᠭᠤ ᠠᠯᠳᠠᠷᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ | ᠴᠡᠷᠢᠭ ᠠᠴᠠ ᠬᠠᠯᠠᠭᠳᠠᠭᠰᠠᠳ ᠢ ᠬᠦᠨᠳᠦᠳᠬᠡᠨ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠶᠢ | ᠪᠣᠶ ᠪᠤᠯᠭᠠᠨ᠎ᠠ᠃ | | | | | | | | | | |