︽ᠬᠦᠬᠡᠬᠤᠳᠠ ᠶᠢᠨ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠥᠭᠵᠢᠭᠦᠯᠬᠦ ᠬᠡᠷᠡᠭᠵᠢᠭᠦᠯᠬᠦ ᠰᠠᠨᠠᠯ︾ ᠢ ᠲᠠᠷᠤᠮᠠᠯᠯᠠᠨ ᠶᠠᠪᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020-01-14
               ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2019﹈ 32 ᠳ᠋ᠤᠭᠠᠷ ᠲᠤᠭᠠᠳᠤ                2019  ᠣᠨ ᠤ10  ᠳ᠋ᠤᠭᠠᠷ ᠰᠠᠷ᠎ᠠ ᠶᠢᠨ 26 ᠤ ᠡᠳᠦᠷᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠬᠤᠳᠠ ᠶᠢᠨ ᠡᠯ᠎ᠡ ᠵᠦᠪᠯᠡᠯ᠂ ᠠᠯᠪᠠᠨ ᠭᠡᠷ᠂ ᠲᠤᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄    ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠥᠪᠰᠢᠶᠡᠷᠡᠯ ᠢᠶᠠᠷ᠂ ︽ᠬᠦᠬᠡᠬᠤᠳᠠ ᠶᠢᠨ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠥᠭᠵᠢᠭᠦᠯᠬᠦ ᠬᠡᠷᠡᠭᠵᠢᠭᠦᠯᠬᠦ ᠰᠠᠨᠠᠯ︾ ᠢ ᠡᠳᠦᠭᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠭᠡᠷᠡᠭᠵᠢᠬᠦᠯᠳᠦᠭᠡᠢ᠃                    ᠬᠦᠬᠡᠬᠤᠳᠠ ᠶᠢᠨ ᠬᠤᠳᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠥᠭᠵᠢᠭᠦᠯᠬᠦ ᠬᠡᠷᠡᠭᠵᠢᠭᠦᠯᠬᠦ ᠰᠠᠨᠠᠯ    ︽ᠬᠤᠳᠠ ᠳᠤ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2012﹈ 64  ᠳ᠋ᠤᠭᠡᠷ ᠲᠤᠭᠠᠳᠤ︶᠂ ︽ᠬᠤᠳᠠ ᠳᠤ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠭᠦ ᠲᠤᠬᠠᠢ ᠦᠪᠦᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ︵ᠥᠪᠥᠷ ᠵᠠᠰᠠᠭ ﹇2013﹈ 108 ᠳ᠋ᠤᠭᠠᠷ ᠲᠤᠭᠠᠳᠤ︶ ᠪᠠ ᠤᠯᠤᠰ ᠤᠨ ︽ᠨᠡᠶᠢᠲᠡ ᠶᠢᠨ ᠵᠠᠮ ᠬᠠᠷᠢᠯᠴᠠᠭ᠎ᠠ ᠶᠢᠨ ᠬᠤᠳᠠ︾ ᠶᠢ ᠴᠤᠭᠴᠠᠯᠠᠬᠤ ᠰᠢᠯᠭᠠᠨ ᠦᠨᠡᠯᠡᠬᠦ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠢ ᠥᠨᠳᠥᠰᠥᠯᠡᠨ᠂ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ ᠪᠠ ᠠᠵᠤ ᠠᠬᠤᠢ ᠨᠡᠶᠢᠭᠡᠮ ᠤᠨ ᠵᠤᠬᠢᠴᠠᠩᠭᠤᠢ ᠬᠦᠭᠵᠢᠯᠲᠡ ᠶᠢ ᠠᠬᠢᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠢ ᠪᠦᠳᠦᠮᠵᠢᠲᠡᠢ ᠨᠠᠮᠳᠠᠭᠠᠵᠤ᠂ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠪᠠᠳᠤᠯᠠᠭ᠎ᠠ ᠶᠢᠨ ᠲᠦᠪᠰᠢᠨ ᠢ ᠲᠡᠭᠡᠭᠰᠢᠯᠡᠭᠦᠯᠬᠦ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠬᠦ ᠲᠤᠬᠠᠢ ᠲᠤᠤᠷᠠᠬᠢ ᠮᠡᠲᠦ ᠬᠡᠷᠡᠭᠵᠢᠬᠦᠯᠬᠦ ᠰᠠᠨᠠᠯ ᠢ ᠳᠤᠷᠠᠳᠤᠪᠠ᠄    ᠨᠢᠭᠡ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠬᠦ ᠶᠡᠷᠦᠩᠬᠡᠢ ᠱᠠᠭᠠᠷᠳᠠᠯᠭ᠎ᠠ ᠪᠠ  ᠶᠡᠷᠦᠩᠬᠡᠢ ᠬᠠᠷᠠᠯᠲᠠ    ︵ᠨᠢᠭᠡ︶ ᠶᠡᠷᠦᠩᠬᠡᠢ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠨᠡᠶᠢᠲᠡ ᠶᠢᠨ ᠵᠠᠮ ᠬᠠᠷᠢᠯᠴᠠᠭ᠎ᠠ ᠶᠢᠨ ᠶᠡᠭᠡ ᠬᠤᠲᠠ︾ ᠶᠢ ᠴᠤᠭᠴᠠᠯᠠᠬᠤ ᠪᠠᠷ ᠲᠣᠬᠢᠶᠠᠯ ᠪᠤᠯᠭᠠᠵᠤ᠂ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠬᠦ ᠤᠶᠢᠯᠠᠭᠠᠭᠳᠠᠬᠤᠨ ᠢ ᠪᠦᠬᠦ ᠲᠠᠯ᠎ᠠ ᠪᠠᠷ ᠪᠣᠢ ᠪᠤᠯᠭᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠣᠬᠢᠴᠠᠩᠭᠤᠶ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠨ᠂ ᠨᠡᠶᠢᠲᠡ ᠶᠢᠨ ᠵᠠᠮ ᠬᠠᠷᠢᠯᠴᠠᠭᠠᠨ ᠤ ᠲᠥᠯᠥᠪᠵᠢᠭᠦᠯᠭᠡ ᠶᠢᠨ ᠪᠠᠶᠢᠷᠢᠰᠢᠯᠠᠭᠤᠯᠤᠯᠲᠠ᠂ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠤᠨ ᠡᠷᠬᠡ ᠶᠢ ᠲᠡᠷᠢᠭᠦᠨ ᠳᠤ ᠲᠠᠯᠪᠢᠬᠤ᠂ ᠠᠵᠢᠯᠲᠠᠨ ᠤ ᠡᠷᠬᠡ ᠠᠰᠢᠭ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠲᠠᠯ᠎ᠠ ᠲᠠᠢ ᠤᠶᠠᠯᠳᠤᠭᠤᠯᠤᠨ᠂ ᠨᠡᠶᠢᠲᠡ ᠶᠢᠨ ᠵᠠᠮ ᠬᠠᠷᠢᠯᠴᠠᠭᠠᠨ ᠤ ᠦᠷᠭᠦᠯᠵᠢᠯᠡᠭᠦᠶᠢᠴᠡ ᠬᠦᠭᠵᠢᠯᠲᠡ ᠶᠢ ᠲᠦᠯᠬᠢᠨ ᠠᠬᠢᠭᠤᠯᠵᠤ ᠂ ︽ᠪᠣᠬᠢᠷᠲᠤᠯ ᠦᠭᠡᠢ᠂ ᠠᠷᠠᠳ ᠲᠤ ᠳᠥᠭᠦᠮ᠂ ᠠᠷᠠᠳ ᠲᠤ ᠠᠰᠢᠭᠲᠠᠢ᠂ ᠠᠮᠤᠷ ᠲᠠᠶᠢᠪᠤᠩ︾ ᠳᠥᠷᠪᠡᠨ ᠨᠡᠶᠢᠲᠡ ᠶᠢᠨ ᠵᠠᠮ ᠬᠠᠷᠢᠯᠴᠠᠭ᠎ᠠ ᠶᠢ ᠬᠦᠴᠦᠯᠡᠨ ᠪᠠᠶᠢᠭᠤᠯᠵᠤ᠂ ᠬᠤᠲᠠ ᠶᠢᠨ ᠠᠷᠠᠳ ᠲᠤ ᠠᠮᠤᠷ ᠲᠦᠪᠰᠢᠨ ᠲᠠᠭᠠᠯᠠᠮᠵᠢᠲᠠᠶ ᠰᠠᠶᠢᠨ ᠰᠠᠶᠢᠬᠠᠨ ᠶᠠᠪᠤᠵᠤ ᠰᠠᠭᠤᠬᠤ ᠨᠥᠬᠦᠴᠡᠯ ᠢ ᠡᠬᠦᠳᠦᠨ᠎ᠡ᠃    ︵ᠬᠤᠶᠠᠷ︶ ᠶᠡᠷᠦᠩᠬᠡᠶ ᠬᠠᠷᠠᠯᠲᠠ᠃ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠨᠡᠶᠢᠲᠡ ᠶᠢᠨ ᠵᠠᠮ ᠬᠠᠷᠢᠯᠴᠠᠭᠠᠨ ᠤ ᠪᠦᠬᠦᠯᠢ ᠴᠣᠭᠴᠠ ᠶᠢᠨ ᠦᠢᠯᠡᠴᠢᠯᠡᠭᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠬᠤᠲᠠ ᠶᠢᠨ ᠬᠡᠪᠴᠢᠶ᠎ᠡ᠂ ᠬᠥᠮᠦᠨ ᠠᠮᠠ ᠯᠤᠭ᠎ᠠ ᠲᠣᠬᠢᠷᠠᠯᠴᠠᠭᠤᠯᠤᠨ᠎ᠠ᠃  ᠭᠤᠣᠯ ᠬᠤᠲᠠ ᠲᠣᠭᠤᠷᠢᠭ ᠤᠨ  ᠨᠡᠶᠢᠲᠡ ᠶᠢᠨ ᠵᠠᠮ ᠬᠠᠷᠢᠯᠴᠠᠭᠠᠨ ᠤ ᠠᠶᠠᠯᠠᠯ ᠤᠨ ᠬᠤᠪᠢᠶᠠᠨ ᠡᠭᠦᠷᠭᠡᠯᠡᠬᠦ ᠨᠣᠷᠮ᠎ᠠ ᠶᠢ 40 %  ᠳᠤ ᠬᠦᠷᠭᠡᠵᠦ᠂ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠴᠢᠯᠠᠭᠰᠠᠨ ᠠᠶᠠᠯᠠᠯ  ᠤᠨ ᠬᠤᠪᠢᠶᠠᠨ ᠡᠭᠦᠷᠭᠡᠯᠡᠬᠦ ᠨᠣᠷᠮ᠎ᠠ ᠶᠢ 60 %  ᠳᠤ  ᠬᠦᠷᠭᠡᠵᠦ᠂ ᠨᠡᠶᠢᠲᠡ ᠶᠢᠨ ᠵᠠᠮ ᠬᠠᠷᠢᠯᠴᠠᠭ᠎ᠠ ᠶᠢᠨ ᠡᠳᠦᠷ  ᠪᠦᠷᠢ ᠶᠢᠨ ᠠᠶᠠᠨᠴᠢᠳ ᠲᠡᠭᠡᠭᠡᠪᠦᠷᠢᠯᠡᠬᠦ ᠴᠢᠳᠠᠪᠤᠷᠢ ᠶᠢ 200 ᠲᠦᠮᠡᠨ ᠬᠥᠮᠥᠨ ᠤᠳᠠᠭ᠎ᠠ ᠳᠤ ᠬᠦᠷᠭᠡᠵᠦ᠂  ᠨᠡᠶᠢᠲᠡ ᠶᠢᠨ ᠵᠠᠮ ᠬᠠᠷᠢᠯᠴᠠᠭ᠎ᠠ ᠶᠢᠨ ᠵᠠᠮ ᠤᠨ ᠲᠤᠤᠷ ᠢ  ᠬᠤᠳᠠ  ᠶᠢᠨ  ᠭᠤᠣᠯ ᠲᠡᠳ᠋ ᠵᠠᠮ ᠱᠤᠭᠤᠮ ᠳᠤ100%  ᠪᠠᠷ ᠪᠦᠷᠬᠦᠬᠦᠯᠵᠦ᠂  ᠨᠡᠶᠢᠲᠡ ᠶᠢᠨ ᠮᠠᠰᠢᠨ ᠲᠡᠷᠭᠡ ᠶᠢᠨ ᠶᠡᠷᠦᠩᠬᠡᠢ  ᠲᠤᠭ᠎ᠠ ᠶᠢ  2886  ᠪᠣᠯᠭᠠᠵᠤ᠂  ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠴᠡᠭ ᠤᠨ 300  ᠮᠧᠲᠷ ᠤᠨ ᠪᠦᠷᠬᠦᠴᠡ ᠶᠢᠨ ᠨᠤᠷᠮ᠎ᠠ  ᠶᠢ 60 %  ᠳᠤ  ᠬᠦᠷᠭᠡᠵᠦ᠂ 500 ᠮᠧᠲᠷ ᠤᠨ ᠪᠦᠷᠬᠦᠴᠡ ᠶᠢᠨ ᠨᠤᠷᠮ᠎ᠠ ᠶᠢ100% ᠳᠤ ᠬᠦᠷᠭᠡᠵᠦ᠂ ᠨᠡᠶᠢᠲᠡ ᠶᠢᠨ ᠮᠠᠰᠢᠨ ᠲᠡᠷᠭᠡ ᠶᠢᠨ ᠲᠠᠯᠠᠪᠠᠢ ᠳᠤ ᠣᠷᠣᠬᠤ ᠨᠣᠷᠮ᠎ᠠ ᠶᠢ 100 %  ᠳᠤ ᠬᠦᠷᠭᠡᠵᠦ᠂  ᠰᠢᠨ᠎ᠡ ᠡᠨᠧᠷᠬᠢ ᠶᠢᠨ ᠴᠣᠯ ᠴᠠᠬᠢᠯᠭᠠᠨ ᠬᠦᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢᠨ ᠬᠠᠷᠢᠴᠠᠯ ᠢ 55% ᠠᠴᠠ ᠳᠡᠭᠡᠭᠰᠢ ᠪᠤᠯᠭᠠᠵᠤ᠂ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ ᠱᠤᠭᠤᠮ ᠢ 226 ᠺᠢᠯᠤᠮᠧᠲᠷ  ᠪᠣᠯᠭᠠᠨ ᠨᠡᠮᠡᠭᠳᠡᠭᠦᠯᠦᠨ᠎ᠡ᠃    ᠬᠤᠶᠠᠷ᠂  ᠵᠤᠬᠢᠶᠠᠨ ᠪᠠᠶᠢᠭᠤᠯᠵᠤ ᠤᠳᠤᠷᠢᠳᠬᠤ   ᠮᠠᠨ ᠤ ᠬᠤᠳᠠ ᠶᠢᠨ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠬᠦ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠥᠯᠥᠭᠡ᠂ ᠬᠦᠬᠡᠬᠤᠳᠠ ᠶᠢᠨ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠤᠨ᠎ᠠ᠄  ᠲᠤᠭᠤᠶᠢᠯᠠᠩ ᠤᠨ ᠲᠠᠷᠤᠭ᠎ᠠ᠄  ᠹᠧᠩ ᠢᠥᠢ ᠵᠧᠨ    ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠲᠠ ᠶᠢᠨ ᠲᠠᠷᠤᠭ᠎ᠠ   ᠦᠪᠦᠷ ᠮᠤᠩᠭᠤᠯ ᠤᠨ ᠬᠤᠷᠢᠨᠬᠡᠷ  ᠰᠢᠨ᠎ᠡ ᠲᠤᠭᠤᠷᠢᠭ ᠤᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ   ᠲᠤᠭᠤᠶᠢᠯᠠᠩ ᠤᠨ ᠳᠡᠳ᠋ ᠲᠠᠷᠤᠭ᠎ᠠ :  ᠵᠸᠦ ᠴᠢᠶᠠᠩ           ᠬᠤᠳᠠ ᠶᠢᠨ ᠳᠡᠳ᠋ ᠲᠠᠷᠤᠭ᠎ᠠ                                    ᠸᠠᠩ ᠵᠢᠢ ᠫᠢᠩ         ᠬᠤᠲᠠ ᠶᠢᠨ ᠲᠡᠳ᠋ ᠲᠠᠷᠤᠭ᠎ᠠ    ᠭᠡᠰᠢᠭᠦᠨ᠄                      ᠵᠠᠩ ᠯᠢ ᠫᠢᠩ           ᠬᠤᠲᠠ ᠶᠢᠨ ᠵᠠᠰᠠᠭ ᠤᠨ ᠤᠷᠳᠤᠨ ᠤ ᠲᠡᠳ᠋ ᠨᠠᠷᠢᠨ ᠪᠢᠴᠢᠭ ᠤᠨ   ᠲᠠᠷᠤᠭ᠎ᠠ                                   ᠬᠠᠨ ᠸᠧᠨ ᠰᠢᠶᠠᠩ      ᠬᠤᠲᠠ ᠶᠢᠨ ᠵᠠᠰᠠᠭ ᠤᠨ ᠤᠷᠳᠤᠨ ᠤ ᠲᠡᠳ᠋ ᠨᠠᠷᠢᠨ ᠪᠢᠴᠢᠭ ᠤᠨ ᠲᠠᠷᠤᠭ᠎ᠠ                                    ᠬᠤᠸᠠᠩ ᠹᠦ᠋ ᠸᠧᠨ ᠳ᠋ᠧᠩ   ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ  ᠲᠡᠳ᠋  ᠲᠠᠷᠤᠭ᠎ᠠ                                    ᠵᠠᠩ ᠵᠦᠩ ᠳ᠋ᠦᠩ     ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠲᠤᠪᠴᠢᠶ᠎ᠠ ᠶᠢᠨ ᠲᠤᠪᠴᠢᠶᠠᠨ ᠲᠠᠷᠤᠭ᠎ᠠ                                    ᠸᠠᠩ ᠪᠢᠨ          ᠬᠤᠲᠠ ᠶᠢᠨ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ                                   ᠵᠤᠤ ᠶᠢᠩ ᠵᠢᠶᠧ      ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ  ᠶᠢᠨ ᠲᠤᠪᠴᠢᠶᠠᠨ ᠲᠠᠷᠤᠭ᠎ᠠ                                     ᠶᠦᠨ ᠲᠢᠶᠠᠨ ᠫᠢᠩ   ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ  ᠶᠢᠨ ᠲᠡᠳ᠋ ᠲᠠᠷᠤᠭ᠎ᠠ                                   ᠶᠠᠨ ᠯᠢᠨ           ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠲᠤᠪᠴᠢᠶᠠᠨ ᠲᠠᠷᠤᠭ᠎ᠠ                                   ᠵᠠᠩ ᠸᠧᠢ          ᠬᠤᠲᠠ ᠶᠢᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ                                   ᠶᠢᠨ ᠴᠢᠶᠠᠩ        ᠬᠤᠲᠠ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ   ᠤᠨ ᠡᠷᠬᠢᠯᠡᠭᠴᠢ                                    ᠰᠦᠨ  ᠳ᠋ᠧ      ᠬᠤᠲᠠ ᠶᠢᠨ ᠲᠤᠭ᠎ᠠ  ᠪᠥᠷᠢᠳᠭᠡᠯ ᠤᠨ ᠲᠤᠪᠴᠢᠶ᠎ᠠ ᠶᠢᠨ  ᠲᠤᠪᠴᠢᠶᠠᠨ ᠲᠠᠷᠤᠭ᠎ᠠ                                    ᠹᠦ᠋ ᠶᠢᠨ ᠽᠠᠢ    ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠬᠠᠤᠯᠢ ᠬᠡᠷᠡᠭᠵᠢᠬᠦᠯᠬᠦ  ᠲᠤᠪᠴᠢᠶ᠎ᠠ ᠶᠢᠨ ᠲᠤᠪᠴᠢᠶᠠᠨ ᠲᠠᠷᠤᠭ᠎ᠠ                                    ᠭᠦᠸᠧ ᠸᠧᠨ ᠭᠤᠸᠠᠩ   ᠬᠤᠲᠠ ᠶᠢᠨ  ᠭᠠᠵᠠᠷ ᠰᠢᠷᠤᠢ  ᠬᠤᠳᠠᠯᠳᠤᠨ ᠠᠪᠴᠤ ᠨᠦᠭᠡᠴᠡᠯᠡᠬᠦ  ᠲᠥᠪ ᠤᠨ ᠡᠷᠬᠢᠯᠡᠭᠴᠢ                                    ᠹᠧᠩ ᠬᠠᠢ ᠯᠦᠩ      ᠬᠤᠲᠠ ᠶᠢᠨ ᠷᠠᠳᠢᠤ᠋ ᠲᠧᠯᠸᠢᠰ ᠬᠤᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ                                    ᠭᠤᠤ ᠰᠢᠶᠤᠤ ᠫᠢᠩ      ᠬᠤᠳᠠ ᠶᠢᠨ ᠨᠡᠶᠢᠲᠡ ᠶᠢᠨ ᠮᠠᠰᠢᠨ ᠲᠡᠷᠭᠡ ᠶᠢᠨ ᠶᠡᠷᠦᠩᠬᠡᠢ ᠺᠤᠮᠫᠠᠨᠢ ᠶᠢᠨ ᠶᠡᠷᠦᠩᠬᠡᠢ ᠲᠠᠭᠠᠭᠠᠮᠠᠯ                                   ᠯᠢᠦ  ᠵᠠᠨ ᠶᠢᠩ    ᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ ᠺᠤᠮᠫᠠᠨᠢ ᠶᠢᠨ  ᠬᠡᠷᠡᠭ ᠮᠡᠳᠡᠭᠴᠢᠳ ᠤᠨ ᠲᠠᠷᠤᠭ᠎ᠠ    ᠤᠳᠤᠷᠢᠳᠬᠤ ᠲᠤᠭᠤᠶᠢᠯᠠᠩ ᠤᠨ ᠲᠤᠤᠷ᠎ᠠ ᠠᠯᠪᠠᠨ ᠭᠡᠷ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠲᠡᠳ᠋ ᠨᠠᠷᠢᠨ ᠪᠢᠴᠢᠭ ᠤᠨ ᠲᠠᠷᠤᠭ᠎ᠠ ᠵᠠᠩ ᠯᠢ ᠫᠢᠩ  ᠬᠠᠪᠰᠤᠷᠤᠨ ᠬᠠᠷᠢᠭᠤᠴᠠᠵᠤ᠂  ᠲᠡᠳ᠋ ᠡᠷᠬᠢᠯᠡᠭᠴᠢ ᠶᠢ ᠵᠠᠩ ᠵᠦᠩ ᠳ᠋ᠦᠩ ︵ᠪᠠᠶᠢᠩᠭᠤ ᠶᠢᠨ ᠭᠡᠰᠢᠭᠦᠨ︶ ᠬᠠᠪᠰᠤᠷᠤᠨ ᠬᠠᠷᠢᠭᠤᠴᠠᠵᠤ᠂  ᠤᠳᠤᠷᠢᠳᠬᠤ ᠲᠤᠭᠤᠶᠢᠯᠠᠩ ᠤᠨ ᠭᠡᠰᠢᠭᠦᠨ ᠨᠢᠭᠡᠴᠡ ᠬᠠᠮᠳᠤᠷᠠᠭᠰᠠᠨ ᠬᠤᠷᠠᠯ ᠤᠨ ᠠᠵᠢᠯ ᠤᠨ ᠲᠥᠷᠢᠮ ᠢ ᠭᠡᠷᠡᠭᠵᠢᠬᠦᠯᠵᠦ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠡᠷ  ᠬᠦᠭᠵᠢᠬᠦᠯᠬᠦ ᠶᠢ ᠬᠦᠴᠦ ᠪᠠᠨ ᠬᠠᠮᠳᠤᠳᠬᠠᠨ ᠠᠬᠢᠭᠤᠯᠤᠨ᠎ᠠ᠃    ᠭᠤᠷᠪᠠ᠂ ᠭᠤᠣᠯ ᠡᠭᠦᠷᠭᠡ     ︵ᠨᠢᠭᠡ︶ ᠨᠡᠶᠢᠲᠡ ᠶᠢᠨ ᠵᠠᠮ ᠬᠠᠷᠢᠯᠴᠠᠭ᠎ᠠ ᠶᠢᠨ ᠲᠦᠯᠦᠪᠵᠢᠬᠦᠯᠭᠡ ᠶᠢ ᠲᠡᠭᠦᠯᠳᠡᠷᠵᠢᠬᠦᠯᠦᠨ᠎ᠡ    ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢᠨ ᠵᠢᠯᠣᠭᠤᠳᠤᠯᠭ᠎ᠠ ᠳᠣᠤᠷ᠎ᠠ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠲᠤᠰᠬᠠᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠵᠤ᠂ ᠲᠥᠯᠥᠪᠵᠢᠭᠦᠯᠭᠡ  ᠳᠤ ᠨᠡᠶᠢᠲᠡ ᠶᠢᠨ ᠵᠠᠮ ᠬᠠᠷᠢᠯᠴᠠᠭ᠎ᠠ ᠵᠢᠨ‌‍ᠲ᠋ᠠᠯᠠᠪᠤᠷ ᠥᠷᠲᠡᠭᠡ ᠶᠢᠨ ᠪᠠᠶᠢᠷᠢᠰᠢᠭᠤᠯᠤᠯᠳᠠ᠂ ᠡᠬᠢᠨ ᠤ ᠪᠠ ᠰᠡᠭᠦᠯ ᠤᠨ ᠥᠷᠲᠡᠭᠡ ᠶᠢᠨ ᠬᠡᠷᠡᠭᠯᠡᠬᠦ ᠭᠠᠵᠠᠷ᠂ ᠵᠠᠮ  ᠱᠤᠭᠤᠮ ᠲᠣᠤᠷ ᠤᠨ ᠪᠠᠶᠢᠷᠢᠰᠢᠭᠤᠯᠤᠯᠳᠠ᠂ ᠲᠤᠰᠬᠠᠶ  ᠱᠤᠭᠤᠮ ᠤᠨ  ᠪᠠᠶᠢᠷᠢᠰᠢᠭᠤᠯᠤᠯᠳᠠ ᠵᠡᠷᠭᠡ ᠠᠭᠤᠯᠭ᠎ᠠ ᠶᠢ ᠪᠠᠭᠲᠠᠭᠠᠵᠤ᠂  ᠲᠥᠯᠥᠪᠵᠢᠭᠦᠯᠭᠡ ᠨᠢ ᠮᠠᠨ ᠤ ᠬᠤᠲᠠ ᠶᠢᠨ ᠨᠢᠰᠬᠡᠯ ᠤᠨ ᠪᠠᠭᠤᠳᠠᠯ᠂  ᠲᠥᠷᠭᠡᠨ ᠤ ᠲᠡᠮᠦᠷ ᠵᠠᠮ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠭᠠᠵᠠᠷ ᠳᠣᠤᠷᠠᠬᠢ ᠲᠡᠮᠦᠷ ᠵᠠᠮ᠂  ᠬᠤᠷᠳᠤᠨ ᠤ ᠵᠠᠮ᠂ ᠭᠤᠤᠯ ᠳᠡᠳ᠋ ᠵᠠᠮ ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠲᠠᠢ ᠬᠠᠷᠢᠯᠴᠠᠨ ᠵᠣᠬᠢᠴᠠᠵᠤ᠂ ᠭᠤᠤᠯ ᠬᠤᠲᠠ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭ᠎ᠠ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠪᠡᠶᠡᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠤᠲᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ ᠯᠦᠭᠡ ᠵᠣᠯᠭᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠨᠡᠶᠢᠲᠡ ᠶᠢᠨ ᠵᠠᠮ ᠬᠠᠷᠢᠯᠴᠠᠭ᠎ᠠ ᠳᠤ ᠬᠡᠷᠡᠭᠯᠡᠬᠦ ᠭᠠᠵᠠᠷ ᠢ ᠬᠤᠲᠠ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠵᠤ᠂ ᠬᠡᠷᠡᠭᠯᠡᠬᠦ ᠭᠠᠵᠠᠷ ᠤᠨ ᠵᠠᠭᠠᠭ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ︔ ᠬᠥᠭᠵᠢᠯᠲᠡ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠰᠢᠰᠲ᠋ᠧᠮ ᠲᠠᠢ ᠵᠣᠯᠭᠠᠭᠤᠯᠬᠤ ᠶᠢ ᠴᠢᠩᠭᠠᠳᠬᠠᠵᠤ᠂ ᠪᠡᠯᠡᠳᠭᠡᠵᠦ ᠦᠯᠡᠳᠡᠭᠡᠭᠰᠡᠨ‌ᠨᠡᠶᠢᠲᠡ ᠶᠢᠨ ᠵᠠᠮ ᠬᠠᠷᠢᠯᠴᠠᠭ᠎ᠠ ᠶᠢᠨ ᠲᠠᠯᠠᠪᠤᠷ ᠥᠷᠲᠡᠭᠡ  ᠂ ᠵᠠᠮ᠂ ᠭᠠᠷᠠᠮ ᠪᠤᠯᠤᠩ ᠮᠠᠶ᠋ᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠴᠡᠭ ᠨᠢ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠬᠠᠨᠳᠤᠰᠢ ᠪᠣᠯᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠦᠨᠡᠨ ᠬᠦ ᠨᠡᠶᠢᠴᠡᠭᠰᠡᠨ ᠪᠠᠶᠢᠬᠤ ᠬᠡᠷᠡᠭᠲᠡᠶ︔ ᠲᠥᠯᠥᠪᠵᠢᠭᠦᠯᠭᠡ ᠶᠢᠨ ᠲᠥᠪ ᠴᠢᠩᠭ᠎ᠠ ᠴᠢᠨᠠᠷ᠂ ᠡᠷᠭᠡ ᠰᠦᠷᠲᠦ ᠴᠢᠨᠠᠷ ᠪᠠ ᠲᠤᠭᠲᠠᠭᠤᠨ ᠴᠢᠨᠠᠷ ᠢ ᠴᠢᠩᠭᠠᠳᠬᠠᠵᠤ᠂ ᠲᠦᠯᠦᠪᠵᠢᠭᠦᠯᠭᠡ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠰᠢᠷᠣᠶ ᠂ ᠵᠠᠮ ᠱᠤᠭᠤᠮ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠠᠰᠢᠭᠯᠠᠵᠤ᠂  ᠨᠡᠶᠢᠲᠡ ᠶᠢᠨ ᠵᠠᠮ ᠬᠠᠷᠢᠯᠴᠠᠭ᠎ᠠ ᠪᠠᠷ ᠬᠤᠲᠠ ᠶᠢᠨ ᠬᠥᠭᠵᠢᠯᠲᠡ  ᠶᠢᠨ ᠤᠳᠤᠷᠢᠳᠤᠮᠵᠢ  ᠶᠢ ᠬᠦᠳᠦᠯᠦᠨ ᠵᠢᠯᠤᠭᠤᠳᠤᠭᠤᠯᠤᠭᠰᠠᠨ ᠨᠡᠶᠢᠲᠡ ᠶᠢᠨ ᠵᠠᠮ ᠬᠠᠷᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠠᠭᠪᠤᠷ ᠢ ᠪᠠᠶᠢᠭᠤᠯᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ ᠬᠠᠷᠢᠯᠴᠠᠭ᠎ᠠ  ᠲᠡᠭᠡᠭᠡᠪᠦᠷᠢ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    ︵ᠬᠤᠶᠠᠷ︶  ᠨᠡᠶᠢᠲᠡ ᠶᠢᠨ ᠵᠠᠮ ᠬᠠᠷᠢᠯᠴᠠᠭ᠎ᠠ ᠶᠢᠨ ᠰᠠᠭᠤᠷᠢ  ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢ ᠲᠥᠷᠭᠡᠳᠭᠡᠨ᠎ᠡ    1. ᠨᠡᠶᠢᠲᠡ ᠶᠢᠨ ᠵᠠᠮ ᠬᠠᠷᠢᠯᠴᠠᠭ᠎ᠠ ᠶᠢᠨ ᠲᠠᠯᠠᠪᠤᠷ ᠥᠷᠲᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃  ᠨᠡᠶᠢᠲᠡ ᠶᠢᠨ  ᠮᠠᠰᠢᠨ ᠲᠡᠷᠭᠡ  ᠵᠤᠭᠰᠤᠬᠤ᠂ ᠴᠠᠬᠢᠯᠭᠠᠨ ᠴᠡᠨᠡᠭᠯᠡᠬᠦ᠂  ᠰᠡᠯᠪᠢᠨ ᠵᠠᠰᠠᠵᠤ ᠠᠷᠠᠴᠢᠯᠠᠬᠤ ᠪᠠ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠤᠨ ᠲᠣᠤᠷ ᠢ ᠲᠣᠬᠢᠷᠠᠭᠤᠯᠬᠤ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠨ᠂ ᠨᠡᠶᠢᠲᠡ ᠶᠢᠨ ᠵᠠᠮ ᠬᠠᠷᠢᠯᠴᠠᠭ᠎ᠠ ᠶᠢᠨ ᠲᠠᠯᠠᠪᠤᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠲᠠ ᠶᠢᠨ ᠭᠤᠣᠯ ᠬᠤᠲᠠ ᠲᠣᠭᠤᠷᠢᠭ ᠤᠨ ᠡᠬᠢᠨ ᠤ ᠪᠠ ᠰᠡᠬᠦᠯ ᠤᠨ ᠥᠷᠲᠡᠭᠡ ᠶᠢᠨ ᠭᠠᠵᠠᠷ ᠰᠣᠩᠭᠤᠬᠤ᠂ ᠪᠦᠲᠦᠭᠡᠨ ᠪᠠᠶᠢᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠲᠠᠯᠠᠪᠤᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠵᠢᠴᠢ ᠡᠬᠢᠨ ᠤ ᠪᠠ ᠰᠡᠬᠦᠯ ᠤᠨ ᠥᠷᠲᠡᠭᠡ ᠶᠢ ᠨᠡᠮᠡᠵᠦ ᠲᠤᠬᠢᠷᠠᠭᠤᠯᠬᠤ ᠪᠠᠷ ᠳᠠᠮᠵᠢᠭᠤᠯᠤᠨ ᠨᠡᠶᠢᠲᠡ ᠶᠢᠨ ᠵᠠᠮ ᠬᠠᠷᠢᠯᠴᠠᠭ᠎ᠠ ᠶᠢᠨ ᠵᠠᠮ ᠱᠤᠭᠤᠮ ᠤᠨ ᠲᠣᠤᠷ  ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ᠭᠠᠯᠲᠤ ᠲᠡᠷᠭᠡᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠥᠪ᠂ ᠲᠣᠮᠣ ᠬᠡᠯᠪᠡᠷᠢ ᠶᠢᠨ ᠰᠣᠶᠣᠯ ᠲᠠᠮᠢᠷ ᠵᠤᠭ᠎ᠠ ᠴᠡᠩᠭᠡᠯ ᠤᠨ ᠭᠠᠵᠠᠷ᠂ ᠲᠣᠮᠣ ᠬᠡᠯᠪᠡᠷᠢ ᠶᠢᠨ ᠣᠷᠣᠨ ᠰᠠᠭᠤᠴᠠ ᠶᠢᠨ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠪᠣᠯᠤᠨ ᠬᠤᠲᠠ ᠶᠢᠨ ᠭᠤᠤᠯ ᠳᠡᠳ᠋ ᠵᠠᠮ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠳᠤ᠂ ᠲᠥᠯᠥᠪᠵᠢᠭᠦᠯᠭᠡ ᠶᠢᠨ ᠪᠠᠷᠢᠮᠵᠢᠶ᠎ᠠ ᠶᠣᠰᠣᠭᠠᠷ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠵᠡᠷᠭᠡ ᠳᠤᠨᠢ ᠪᠦᠲᠦᠭᠡᠨ ᠪᠠᠶᠢᠭᠤᠯᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ᠂ ᠬᠤᠲᠠ ᠶᠢᠨ ᠨᠡᠶᠢᠲᠡ ᠶᠢᠨ  ᠵᠠᠮ  ᠬᠠᠷᠢᠯᠴᠠᠭᠠᠨ ᠤ ᠶᠡᠷᠦᠩᠬᠡᠶ ᠺᠣᠮᠫᠠᠨᠢ︶    2. ᠭᠠᠷᠠᠮ ᠪᠤᠯᠤᠩ ᠮᠠᠶ᠋ᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠬᠤᠲᠠ ᠶᠢᠨ ᠵᠠᠮ᠂ ᠥᠨᠳᠥᠷ ᠵᠢᠶᠠᠰᠠ ᠲᠠᠢ ᠪᠠᠷᠢᠯᠭ᠎ᠠ᠂ ᠵᠢᠮᠳᠤ ᠵᠠᠮ ᠬᠠᠷᠢᠯᠴᠠᠭ᠎ᠠ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠶᠠᠪᠤᠴᠠ ᠳᠤ᠂ ᠭᠠᠷᠠᠮ  ᠪᠤᠯᠤᠩ ᠤᠨ ᠮᠠᠶ᠋ᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠴᠡᠭ ᠪᠤᠶᠤ B R T  ᠨᠡᠶᠢᠲᠡ ᠶᠢᠨ ᠮᠠᠰᠢᠨ ᠲᠡᠷᠭᠡ ᠶᠢᠨ ᠥᠷᠲᠡᠭᠡ ᠶᠢ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠦᠲᠦᠭᠡᠨ ᠪᠠᠶᠢᠭᠤᠯᠬᠤ ᠶᠢᠨ ᠬᠠᠮᠲᠤ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠢᠵᠢ ᠪᠦᠷᠢᠳᠦᠭᠦᠯᠬᠦ ᠬᠤᠭᠤᠯᠠᠶ ᠶᠢᠨ ᠪᠡᠯᠡᠳᠬᠡᠮᠵᠢ ᠶᠢ ᠤᠷᠢᠳᠠᠪᠠᠷ ᠪᠦᠲᠦᠭᠡᠨ ᠪᠠᠶᠢᠭᠤᠯᠬᠤ ᠬᠡᠷᠡᠭᠲᠡᠶ᠃ ᠵᠠᠮ ᠱᠤᠭᠤᠮ ᠤᠨ ᠪᠤᠳᠠᠳᠤ ᠪᠠᠶᠢᠳᠠᠯ ᠢ ᠦᠨᠳᠦᠰᠦᠯᠡᠨ ᠨᠡᠶᠢᠲᠡ ᠶᠢᠨ ᠮᠠᠰᠢᠨ ᠲᠡᠷᠭᠡ ᠶᠢᠨ ᠵᠣᠭᠰᠣᠭᠠᠯ ᠨᠡᠮᠡᠵᠦ ᠲᠤᠬᠢᠷᠠᠭᠤᠯᠤᠨ᠂  ᠮᠠᠰᠢᠨ ᠬᠦᠳᠡᠯᠭᠡᠭᠦᠷᠲᠦ ᠪᠠ ᠮᠠᠰᠢᠨ ᠬᠦᠳᠡᠯᠭᠡᠭᠦᠷᠳᠤ ᠪᠤᠰᠤ ᠮᠠᠰᠢᠨ ᠢ ᠲᠤᠰᠠᠭᠠᠷᠯᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠦᠲᠦᠭᠡᠨ ᠪᠠᠶᠢᠭᠤᠯᠬᠤ ᠵᠠᠷᠤᠳᠠᠯ ᠢ ᠵᠠᠮ ᠢ ᠦᠭᠡᠷᠡᠴᠢᠯᠡᠨ ᠵᠠᠰᠠᠬᠤ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢᠨ ᠪᠡᠯᠡ ᠮᠥᠩᠭᠦ  ᠳᠤ ᠣᠷᠣᠭᠤᠯᠬᠤ ᠬᠡᠷᠡᠭᠲᠡᠢ᠃ ︵ ᠲᠦᠷᠦᠭᠦᠯᠡᠨ ᠬᠢᠬᠦ  ᠨᠢᠭᠡᠴᠡ  ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ  ᠺᠣᠮᠫᠠᠨᠢ᠂ ᠬᠤᠲᠠ ᠶᠢᠨ ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    ︵ᠭᠤᠷᠪᠠ︶  ᠨᠡᠶᠢᠲᠡ ᠶᠢᠨ ᠵᠠᠮ ᠬᠠᠷᠢᠯᠴᠠᠭ᠎ᠠ ᠶᠢᠨ ᠵᠠᠮ ᠤᠨ ᠡᠷᠬᠡ ᠶᠢ ᠲᠡᠷᠢᠭᠦᠨ ᠳᠤ ᠲᠠᠯᠪᠢᠬᠤ ᠶᠢ ᠪᠠᠳᠤᠯᠠᠨ᠎ᠠ    1.ᠨᠡᠶᠢᠲᠡ ᠶᠢᠨ ᠵᠠᠮ ᠬᠠᠷᠢᠯᠴᠠᠭ᠎ᠠ ᠶᠢᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠤᠯ ᠬᠤᠲᠠ ᠲᠣᠭᠤᠷᠢᠭ ᠲᠡᠭᠡᠭᠡᠪᠦᠷᠢᠯᠡᠬᠦ ᠬᠡᠮᠵᠢᠶ᠎ᠡ ᠪᠠᠷ ᠶᠡᠭᠡ ᠲᠦᠷᠭᠡᠨ ᠬᠤᠷᠳᠤ ᠶᠢᠨ ᠨᠡᠶᠢᠲᠡ ᠶᠢᠨ ᠵᠠᠮ ᠬᠠᠷᠢᠯᠴᠠᠭᠠᠨ ᠤ ᠰᠢᠰᠲ᠋ᠧᠮ ︵B R T︶ ᠪᠣᠯᠤᠨ ᠨᠡᠶᠢᠲᠡ ᠶᠢᠨ ᠵᠠᠮ ᠬᠠᠷᠢᠯᠴᠠᠭ᠎ᠠ ᠶᠢᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠲᠡ ᠶᠢᠨ ᠵᠠᠮ ᠬᠠᠷᠢᠯᠴᠠᠭ᠎ᠠ ᠶᠢᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ︽ᠨᠡᠶᠢᠲᠡ ᠶᠢᠨ ᠵᠠᠮ ᠬᠠᠷᠢᠯᠴᠠᠭ᠎ᠠ ᠶᠢᠨ ᠬᠤᠲᠠ︾  ᠶᠢ ᠴᠤᠭᠴᠠᠯᠠᠬᠤ ᠠᠵᠢᠯ ᠢ ᠲᠦᠯᠬᠢᠨ ᠠᠬᠢᠭᠤᠯᠬᠤ ᠭᠤᠤᠯ ᠡᠭᠦᠷᠭᠡ ᠪᠣᠯᠭᠠᠵᠤ᠂ ᠬᠤᠪᠢᠶᠠᠷᠢᠯᠠᠨ ᠲᠣᠭᠲᠠᠭᠠᠬᠤ ᠪᠠ ᠲᠡᠭᠦᠯᠳᠡᠷᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ  ᠴᠢᠩᠭᠠᠷᠠᠭᠤᠯᠬᠤ ᠬᠡᠷᠡᠭᠲᠡᠶ᠃ ᠮᠠᠨ ᠤ ᠬᠤᠲᠠ ᠶᠢᠨ ᠳᠠᠩ ᠴᠢᠭᠯᠡᠯ ᠤᠨ 3 ᠲᠡᠷᠭᠡᠨ ᠵᠠᠮ ︵3 ᠲᠡᠷᠭᠡᠨ ᠵᠠᠮ ᠪᠠᠭᠲᠠᠨ᠎ᠠ︶ ᠠᠴᠠ ᠳᠡᠭᠡᠭᠰᠢᠬᠢ ᠵᠠᠮ ᠪᠦᠬᠦᠨ ᠳᠤ ᠨᠡᠶᠢᠲᠡ ᠶᠢᠨ ᠵᠠᠮ ᠬᠠᠷᠢᠯᠴᠠᠭ᠎ᠠ  ᠶᠢᠨ ᠲᠤᠰᠬᠠᠶ  ᠱᠤᠭᠤᠮ ᠭᠠᠷᠭᠠᠬᠤ ᠶᠢᠨ ᠬᠠᠮᠲᠤ ᠨᠡᠶᠢᠲᠡ  ᠶᠢᠨ ᠮᠠᠰᠢᠨ ᠲᠡᠷᠭᠡ ᠶᠢᠨ ᠣᠷᠣᠰᠬᠠᠯ ᠨᠡᠯᠢᠶᠡᠳ ᠶᠡᠭᠡ᠂ ᠠᠶᠠᠨᠴᠢᠳ  ᠨᠡᠯᠢᠶᠡᠳ ᠠᠷᠪᠢᠨ  ᠪᠠᠶᠢᠬᠤ ᠳᠠᠩ  ᠴᠢᠭᠯᠡᠯ ᠤᠨ 2 ᠲᠡᠷᠭᠡᠨ ᠵᠠᠮ ᠤᠨ ᠬᠡᠰᠡᠭ ᠲᠤ  ᠨᠡᠶᠢᠲᠡ ᠶᠢᠨ  ᠮᠠᠰᠢᠨ ᠲᠡᠷᠭᠡ ᠶᠢᠨ ᠱᠤᠭᠤᠮ ᠵᠠᠮ ᠭᠠᠷᠭᠠᠵᠤ᠂  ᠨᠡᠶᠢᠲᠡ ᠶᠢᠨ ᠮᠠᠰᠢᠨ ᠲᠡᠷᠭᠡ ᠶᠢᠨ ᠠᠵᠢᠯᠯᠠᠬᠤ ᠦᠶ᠎ᠡ ᠶᠢᠨ ᠬᠤᠷᠳᠤᠴᠠ ᠶᠢ 12.8 ᠺᠢᠯᠣᠮᠧᠲᠷ / ᠴᠠᠭ ᠠᠴᠠ 18 ᠺᠢᠯᠤᠮᠧᠲᠷ / ᠴᠠᠭ ᠪᠤᠯᠭᠠᠨ ᠳᠡᠭᠡᠭᠰᠢᠯᠡᠭᠦᠯᠦᠨ᠎ᠡ ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ  ᠺᠣᠮᠫᠠᠨᠢ︶    2. ᠨᠡᠶᠢᠲᠡ ᠶᠢᠨ ᠮᠠᠰᠢᠨ ᠲᠡᠷᠭᠡ ᠶᠢᠨ ᠲᠤᠰᠬᠠᠢ ᠭᠠᠷᠴᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠤᠯ ᠬᠤᠲᠠ ᠲᠣᠭᠤᠷᠢᠭ  ᠨᠡᠶᠢᠲᠡ ᠶᠢᠨ ᠵᠠᠮ ᠬᠠᠷᠢᠯᠴᠠᠭ᠎ᠠ ᠶᠢᠨ ᠲᠤᠰᠬᠠᠶ ᠱᠤᠭᠤᠮ  ᠬᠤᠪᠢᠶᠠᠷᠢᠯᠠᠨ ᠲᠤᠭᠲᠠᠭᠠᠬᠤ ᠳᠠᠭᠠᠨ ᠵᠠᠮ ᠤᠨ ᠠᠭᠤᠯᠵᠠᠷ ᠲᠤ ᠴᠥᠮ  ᠨᠡᠶᠢᠲᠡ ᠶᠢᠨ ᠮᠠᠰᠢᠨ ᠲᠡᠷᠭᠡ ᠶᠢᠨ ᠲᠤᠰᠬᠠᠢ  ᠭᠠᠷᠴᠠ ᠶᠢ ᠨᠢᠭᠡᠳᠦᠯᠲᠡᠶ ᠵᠢᠷᠤᠵᠤ ᠲᠦᠯᠦᠪᠯᠡᠨ᠂ ᠵᠠᠮ ᠤᠨ ᠪᠣᠳᠠᠲᠤ ᠪᠠᠶᠢᠳᠠᠯ ᠢ ᠦᠨᠳᠦᠰᠦᠯᠡᠨ ᠣᠯᠠᠨ  ᠵᠦᠢᠯ ᠤᠨ ᠵᠢᠷᠤᠵᠤ ᠲᠥᠯᠥᠪᠯᠡᠬᠦ ᠠᠷᠭ᠎ᠠ ᠮᠠᠶ᠋ᠢᠭ ᠢ ᠠᠪᠴᠤ᠂ ᠨᠡᠶᠢᠲᠡ ᠶᠢᠨ ᠮᠠᠰᠢᠨ ᠲᠡᠷᠭᠡ ᠵᠠᠮ ᠵᠢᠭᠡᠯᠡᠨ ᠰᠢᠭᠤᠳ ᠶᠠᠪᠤᠬᠤ᠂ ᠵᠠᠮ ᠵᠢᠭᠡᠯᠡᠨ ᠵᠡᠭᠦᠨᠰᠢ ᠡᠷᠭᠢᠬᠦ ᠶᠢ ᠪᠥᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠨᠡᠶᠢᠲᠡ ᠶᠢᠨ ᠮᠠᠰᠢᠨ ᠲᠡᠷᠭᠡ ᠪᠠ ᠨᠡᠶᠢᠭᠡᠮ ᠤᠨ ᠲᠡᠷᠭᠡ ᠬᠥᠰᠬᠡ ᠶᠢᠨ ᠵᠠᠮ ᠢᠶᠠᠨ ᠦᠭᠡᠷᠡᠴᠢᠯᠡᠬᠦ ᠠᠴᠠ  ᠪᠣᠯᠵᠤ ᠮᠥᠷᠭᠦᠯᠳᠦᠭᠡᠨ ᠡᠭᠦᠰᠬᠦ ᠶᠢ ᠪᠠᠭᠠᠰᠬᠠᠬᠤ ᠬᠡᠷᠡᠭᠲᠡᠶ᠃ ᠨᠥᠬᠦᠴᠡᠯ ᠲᠠᠢ ᠵᠠᠮ ᠤᠨ ᠠᠭᠤᠯᠵᠠᠷ ᠲᠤ᠂ ᠭᠠᠷᠴᠠ ᠶᠢ ᠥᠷᠭᠡᠳᠬᠡᠵᠦ᠂ ᠵᠠᠮ ᠤᠨ ᠠᠭᠤᠯᠵᠠᠷ ᠢ ᠰᠤᠪᠠᠭᠵᠢᠭᠤᠯᠬᠤ ᠬᠡᠷᠡᠭᠲᠡᠶ᠃ 2020 ᠣᠨ ᠤ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠭᠤᠣᠯ ᠬᠤᠲᠠ ᠲᠣᠭᠤᠷᠢᠭ ᠤᠨ 70 ᠵᠠᠮ ᠤᠨ ᠠᠭᠤᠯᠵᠠᠷ ᠲᠤ ᠨᠡᠶᠢᠲᠡ ᠶᠢᠨ ᠮᠠᠰᠢᠨ ᠲᠡᠷᠭᠡ ᠶᠢᠨ ᠲᠤᠰᠬᠠᠢ ᠭᠠᠷᠴᠠ ᠭᠠᠷᠭᠠᠨ᠎ᠠ᠃ ︵ᠲᠦᠷᠦᠭᠦᠯᠡᠨ ᠬᠢᠬᠦ ᠨᠢᠭᠡᠴᠡ  ᠄ ᠬᠤᠲᠠ ᠶᠢᠨ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ  ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    3. ᠨᠡᠶᠢᠲᠡ ᠶᠢᠨ ᠮᠠᠰᠢᠨ ᠲᠡᠷᠭᠡ ᠶᠢᠨ ᠲᠤᠰᠬᠠᠶ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠲᠡ ᠶᠢᠨ ᠮᠠᠰᠢᠨ ᠲᠡᠷᠭᠡ  ᠶᠢᠨ ᠲᠤᠰᠬᠠᠢ ᠱᠤᠭᠤᠮ ᠵᠢᠴᠢ ᠲᠤᠰᠬᠠᠶ ᠭᠠᠷᠴᠠ ᠶᠢᠨ ᠬᠢᠨᠠᠨ ᠡᠵᠡᠮᠳᠡᠬᠦ ᠪᠡᠯᠡᠳᠬᠡᠮᠵᠢ ᠪᠣᠯᠤᠨ ᠲᠡᠮᠳᠡᠭ ᠵᠢᠷᠤᠭᠠᠰᠤ ᠶᠢ ᠲᠡᠭᠦᠯᠳᠡᠷᠵᠢᠭᠦᠯᠵᠦ᠂ B R T ᠲᠦᠷᠭᠡᠨ ᠬᠤᠷᠳᠤ ᠶᠢᠨ ᠵᠠᠮ ᠢ ᠭᠠᠷᠭᠠᠪᠠᠯ᠂ ᠪᠤᠰᠤᠳ ᠲᠡᠷᠭᠡᠨ ᠱᠤᠭᠤᠮ ᠳᠤ ᠴᠥᠮ ᠵᠥᠭᠡᠯᠡᠨ ᠲᠤᠰᠠᠭᠠᠷᠯᠠᠬᠤ ᠠᠷᠭ᠎ᠠ  ᠶᠢ ᠠᠪᠴᠤ᠂ ᠲᠤᠰᠬᠠᠶ  ᠱᠤᠭᠤᠮ ᠳᠤ ᠴᠠᠭ ᠬᠤᠪᠢᠶᠠᠵᠤ᠂ ᠬᠡᠰᠡᠭ ᠬᠤᠪᠢᠶᠠᠬᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠵᠠᠮ ᠤᠨ ᠪᠠᠶᠢᠳᠠᠯ ᠢ ᠦᠨᠳᠦᠰᠦᠯᠡᠨ ᠬᠡᠷᠡᠭᠯᠡᠬᠦ  ᠴᠠᠭ ᠤᠨ ᠬᠢᠵᠠᠭᠠᠷ ᠢ ᠵᠦᠶ ᠵᠣᠬᠢᠰᠲᠠᠶ ᠵᠠᠭᠠᠭᠯᠠᠨ ᠲᠣᠭᠲᠠᠭᠠᠬᠤ ᠬᠡᠷᠡᠭᠲᠡᠶ᠃ 2020 ᠣᠨ ᠪᠣᠯᠬᠤ ᠳᠤ᠂ ᠨᠡᠶᠢᠲᠡ ᠶᠢᠨ ᠮᠠᠰᠢᠨ ᠲᠡᠷᠭᠡ ᠶᠢᠨ ᠲᠤᠰᠬᠠᠶ ᠱᠤᠭᠤᠮ ᠳᠡᠭᠡᠷᠡᠬᠢ ᠲᠤᠭᠲᠠᠭᠤᠨ ᠪᠠᠶᠢᠳᠠᠯ ᠳᠤ ᠰᠡᠭᠦᠳᠡᠷᠯᠡᠬᠦ  ᠬᠢᠨᠠᠨ ᠡᠵᠡᠮᠳᠡᠬᠦ ᠰᠢᠰᠲ᠋ᠧᠮ ᠤᠨ 300 ᠮᠧᠲᠷ ᠤᠨ ᠪᠦᠷᠬᠦᠴᠡ ᠶᠢᠨ ᠨᠣᠷᠮ᠎ᠠ  ᠶᠢ 100 % ᠳᠤ ᠬᠦᠷᠭᠡᠵᠦ᠂ ᠨᠡᠶᠢᠲᠡ ᠶᠢᠨ ᠮᠠᠰᠢᠨ ᠲᠡᠷᠭᠡᠨ ᠳᠤ ᠬᠥᠳᠡᠯᠦᠩᠭᠦᠶ ᠵᠢᠷᠤᠭᠯᠠᠯ ᠤᠨ ᠰᠢᠰᠲ᠋ᠧᠮ ᠤᠭᠰᠠᠷᠠᠬᠤ ᠬᠠᠷᠢᠴᠠᠯ ᠢ 60 % ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ  ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ︶    4.  ᠨᠡᠶᠢᠲᠡ ᠶᠢᠨ ᠮᠠᠰᠢᠨ ᠲᠡᠷᠭᠡ ᠶᠢᠨ ᠳᠤᠬᠢᠶ᠎ᠠ ᠶᠢ ᠤᠷᠢᠳᠠᠪᠡᠷ ᠡᠵᠡᠮᠳᠡᠬᠦ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃  ᠤᠳᠤ ᠶᠢᠨ ᠪᠠᠶᠢᠭ᠎ᠠ ᠰᠠᠭᠤᠷᠢᠨ ᠳᠡᠭᠡᠷ᠎ᠡ᠂ ᠲᠣᠮᠣ ᠬᠡᠯᠪᠡᠷᠢ ᠶᠢᠨ ᠵᠠᠮ ᠤᠨ ᠠᠭᠤᠯᠵᠠᠷ ᠲᠤ ᠴᠢᠭᠯᠡᠭᠦᠯᠦᠨ᠂ ᠵᠠᠮ ᠬᠠᠷᠢᠯᠴᠠᠭᠠᠨ ᠤ ᠳᠣᠬᠢᠶᠠᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠨ ᠤ ᠬᠤᠲᠠ ᠶᠢᠨ ᠵᠠᠮ ᠤᠨ ᠠᠭᠤᠯᠵᠠᠷ ᠲᠤ ᠨᠡᠶᠢᠲᠡ ᠶᠢᠨ ᠮᠠᠰᠢᠨ ᠲᠡᠷᠭᠡ ᠶᠢᠨ  ᠳᠤᠬᠢᠶ᠎ᠠ ᠶᠢ ᠤᠷᠢᠳᠠᠪᠡᠷ ᠡᠵᠡᠮᠳᠡᠬᠦ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠬᠡᠷᠡᠭᠵᠢᠬᠦᠯᠦᠯᠲᠡ ᠶᠢ ᠠᠯᠬᠤᠮ ᠠᠯᠬᠤᠮ  ᠢᠶᠠᠷ ᠲᠦᠯᠬᠢᠨ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠮ  ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ︶    ︵ᠳᠥᠷᠪᠡ︶ ᠨᠡᠶᠢᠲᠡ ᠶᠢᠨ ᠵᠠᠮ ᠬᠠᠷᠢᠯᠴᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ    1. ᠨᠡᠶᠢᠲᠡ ᠶᠢᠨ ᠵᠠᠮ ᠬᠠᠷᠢᠯᠴᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ᠂ ᠠᠷᠠᠳ ᠲᠤ ᠳᠥᠭᠦᠮ᠂ ᠠᠷᠠᠳ ᠲᠤ ᠠᠰᠢᠭᠲᠠᠢ᠂ ᠠᠮᠤᠷ ᠠᠮᠤᠭᠤᠯᠠᠩ  ᠨᠡᠶᠢᠲᠡ ᠶᠢᠨ ᠵᠠᠮ ᠬᠠᠷᠢᠯᠴᠠᠭ᠎ᠠ ᠶᠢ ᠴᠢᠷᠮᠠᠶᠢᠨ ᠪᠠᠶᠢᠭᠤᠯᠤᠨ᠎ᠠ᠃  ᠦᠢᠯᠡᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠭᠲᠠᠴᠠ  ᠶᠢ ᠪᠠᠶᠢᠭᠤᠯᠤᠨ ᠲᠡᠭᠦᠯᠳᠡᠷᠵᠢᠬᠦᠯᠬᠦ ᠪᠠ ᠰᠢᠨ᠎ᠡ ᠶᠢ ᠡᠭᠦᠳᠴᠦ᠂ ᠵᠢᠯᠣᠭᠤᠴᠢ᠂ ᠴᠤᠩᠬᠤ ᠶᠢᠨ ᠦᠢᠯᠡᠴᠢᠯᠡᠭᠡᠨ ᠤ ᠠᠵᠢᠯᠲᠠᠨ ᠵᠡᠷᠭᠡ ᠠᠵᠢᠯ ᠡᠷᠬᠢᠯᠡᠭᠰᠡᠳ ᠤᠨ ᠠᠵᠢᠯ ᠤᠨ ᠶᠣᠰᠣ ᠮᠣᠷᠠᠯ᠂ ᠠᠵᠢᠯ ᠤᠨ ᠰᠠᠬᠢᠯᠭ᠎ᠠ ᠪᠠᠲᠤ᠂ ᠠᠵᠢᠯ ᠤᠨ ᠮᠡᠷᠭᠡᠵᠢᠯ ᠴᠢᠳᠠᠪᠤᠷᠢ ᠶᠢᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ  ᠴᠢᠩᠭᠠᠳᠬᠠᠵᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠪᠣᠯᠤᠨ ᠲᠡᠷᠭᠡ ᠶᠢᠨ ᠠᠶᠠᠯᠠᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠰᠢᠨ᠎ᠡ ᠡᠨᠧᠷᠭᠢ ᠶᠢᠨ ᠴᠣᠯ  ᠴᠠᠬᠢᠯᠭᠠᠨ ᠬᠦᠳᠡᠯᠭᠡᠬᠦᠷᠲᠦ ᠮᠠᠰᠢᠨ ᠲᠡᠷᠭᠡ ᠶᠢ ᠮᠠᠨ ᠤ ᠬᠤᠲᠠ ᠳᠤ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠲᠡᠷᠭᠡᠨ ᠳᠡᠭᠡᠷᠡᠬᠢ ᠪᠡᠯᠡᠳᠭᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠡᠷᠭᠡᠨ ᠳᠤ ᠰᠠᠭᠤᠬᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠲᠡᠷᠭᠡᠨ ᠳᠤ ᠰᠠᠭᠤᠬᠤ ᠣᠷᠴᠢᠨ ᠨᠦᠬᠦᠴᠡᠯ ᠢ ᠨᠠᠩ ᠰᠠᠶᠢᠨ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠡ  ᠄ ᠬᠤᠲᠠ ᠶᠢᠨ  ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ︶    2. ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠨ ᠲᠣᠤᠷ ᠢ ᠭᠤᠣᠯ ᠬᠤᠲᠠ ᠲᠣᠭᠤᠷᠢᠭ ᠲᠤ ᠨᠡᠶᠢᠳᠡᠮ ᠳᠤ ᠨᠢ ᠪᠦᠷᠬᠦᠭᠦᠯᠬᠦ ᠶᠢ ᠪᠡᠶᠡᠯᠡᠭᠦᠯᠦᠨ᠎ᠡ᠃ ︽ ᠨᠡᠶᠢᠲᠡ ᠶᠢᠨ ᠵᠠᠮ ᠬᠠᠷᠢᠯᠴᠠᠭᠠᠨ  ᠤ ᠱᠤᠭᠤᠮ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠬᠤᠲᠠ ᠶᠢᠨ ᠬᠥᠭᠵᠢᠯᠲᠡ ᠳᠤ ᠵᠣᠬᠢᠴᠠᠭᠤᠯᠬᠤ︾ ᠪᠠᠷ ᠵᠠᠷᠴᠢᠮ ᠪᠣᠯᠭᠠᠨ᠂ ︽ᠳᠥᠭᠦᠮ᠂ ᠲᠦᠷᠭᠡᠨ᠂ ᠲᠠᠪᠬᠤᠷᠳᠠᠬᠤ ᠶᠢ ᠪᠠᠭᠠᠰᠬᠠᠬᠤ᠂ ᠬᠠᠮᠤᠷᠬᠤ ᠬᠡᠪᠴᠢᠶ᠎ᠡ ᠶᠢ ᠥᠷᠭᠡᠳᠬᠡᠬᠦ︾ ᠱᠠᠭᠠᠷᠳᠠᠯᠭ᠎ᠠ ᠶᠣᠰᠣᠭᠠᠷ᠂ ᠭᠤᠣᠯ ᠬᠤᠲᠠ ᠲᠤᠭᠤᠷᠢᠭ ᠤᠨ ᠣᠳᠣ ᠶᠢᠨ ᠪᠠᠶᠢᠭ᠎ᠠ ᠨᠡᠶᠢᠲᠡ ᠶᠢᠨ ᠮᠠᠰᠢᠨ ᠲᠡᠷᠭᠡ ᠶᠢᠨ ᠱᠤᠭᠤᠮ ᠤᠨ ᠲᠤᠤᠷ ᠢ ᠲᠥᠯᠥᠪᠵᠢᠭᠦᠯᠦᠨ ᠲᠣᠬᠢᠷᠠᠭᠤᠯᠵᠤ᠂ ᠲᠦᠷᠭᠡᠨ ᠠᠵᠢᠯᠯᠠᠬᠤ᠂ ᠳᠤᠲᠠᠭᠤ ᠳᠠᠪᠲᠠᠬᠤ᠂ ᠭᠤᠣᠯ ᠵᠠᠮ  ᠬᠤᠷᠳᠤᠨ ᠤ ᠵᠠᠮ ᠬᠠᠷᠢᠯᠴᠠᠨ ᠤᠶᠠᠯᠳᠤᠭᠰᠠᠨ ᠰᠢᠨᠵᠢᠯᠡᠬᠦ ᠤᠬᠠᠭᠠᠨᠴᠢ  ᠱᠤᠭᠤᠮ ᠤᠨ ᠲᠤᠤᠷ ᠢ ᠪᠠᠶᠢᠭᠤᠯᠵᠤ᠂  ᠰᠤᠬᠤᠷ ᠴᠡᠭ  ᠰᠤᠬᠤᠷ ᠭᠠᠵᠠᠷ ᠢ ᠠᠷᠢᠯᠭᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠦᠨ᠎ᠡ᠃ ᠠᠶᠠᠨᠴᠢᠳ ᠲᠦᠪᠯᠡᠷᠡᠬᠦ ᠭᠠᠵᠠᠷ ᠤᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡᠨ ᠤ ᠲᠤᠭ᠎ᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠵᠦᠶ ᠵᠣᠬᠢᠰᠲᠠᠶ ᠵᠤᠬᠢᠴᠠᠭᠤᠯᠵᠤ᠂ ᠲᠡᠷᠭᠡ ᠬᠦᠯᠢᠶᠡᠬᠦ ᠴᠠᠭ ᠢ ᠪᠣᠭᠤᠨᠢᠰᠬᠠᠨ᠂ ᠭᠤᠤᠯ ᠬᠤᠲᠠ ᠲᠣᠭᠤᠷᠢᠭ ᠤᠨ ᠭᠤᠤᠯ ᠵᠠᠮ ᠤᠨ ᠲᠡᠷᠭᠡ ᠬᠦᠯᠢᠶᠡᠬᠦ ᠳᠤᠮᠳᠠᠴᠢ ᠴᠠᠭ ᠢ 10 ᠮᠢᠨᠦ᠋ᠲ ᠤᠨ ᠳᠣᠲᠣᠷ᠎ᠠ ᠬᠢᠵᠠᠭᠠᠷᠯᠠᠬᠤ ᠬᠡᠷᠡᠭᠲᠡᠶ᠃ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ ᠢ ᠨᠡᠮᠡᠵᠦ ᠲᠤᠬᠢᠷᠠᠭᠤᠯᠤᠨ᠂ ᠰᠤᠷᠤᠭᠴᠢ᠂  ᠨᠡᠶᠢᠭᠡᠮ ᠲᠣᠭᠤᠷᠢᠭ᠂ ᠵᠠᠬᠢᠶᠠᠯᠠᠬᠤ᠂ ᠰᠦᠯᠵᠢᠶ᠎ᠡ   ᠪᠠᠷ ᠪᠤᠯᠵᠤᠬᠤ ᠨᠡᠶᠢᠲᠡ ᠶᠢᠨ ᠮᠠᠰᠢᠨ  ᠲᠡᠷᠭᠡ  ᠵᠡᠷᠭᠡ ᠣᠯᠠᠨ ᠡᠰᠢᠵᠢᠭᠰᠡᠨ ᠨᠡᠶᠢᠲᠡ ᠶᠢᠨ ᠵᠠᠮ ᠬᠠᠷᠢᠯᠴᠠᠭ᠎ᠠ ᠶᠢ ᠬᠥᠭᠵᠢᠭᠦᠯᠵᠦ᠂ ᠠᠳᠠᠯᠢ ᠪᠤᠰᠤ ᠬᠥᠮᠦᠰ ᠤᠨ ᠶᠠᠪᠤᠵᠤ ᠰᠠᠭᠤᠬᠤ ᠬᠡᠷᠡᠭᠴᠡᠭᠡ ᠶᠢ ᠬᠠᠨᠳᠤᠯᠭᠠᠲᠤ ᠴᠢᠨᠠᠷ ᠲᠠᠢ ᠪᠠᠷ ᠬᠠᠩᠭᠠᠵᠤ᠂ ᠬᠤᠲᠠ ᠶᠢᠨ ᠠᠷᠠᠳ ᠤᠨ ︽ᠬᠠᠮᠤᠭ ᠡᠴᠦᠰ ᠤᠨ ᠨᠢᠭᠡ ᠺᠢᠯᠣᠮᠧᠲᠷ︾ ᠤᠨ ᠶᠠᠪᠤᠵᠤ ᠰᠠᠭᠤᠬᠤ ᠳᠤ ᠬᠦᠴᠢᠷᠲᠡᠶ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠎ᠡ᠃ ︵ ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠷᠢᠭᠤᠴᠠᠯᠭᠠᠲᠤ  ᠨᠢᠭᠡᠴᠢ᠄ ᠬᠤᠲᠠ ᠶᠢᠨ ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ︶    3.B R T ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠮᠠᠨ ᠤ ᠬᠤᠲᠠ ᠶᠢᠨ ᠵᠠᠮ  ᠢ ᠥᠭᠡᠷᠡᠴᠢᠯᠡᠨ ᠵᠠᠰᠠᠬᠤ ᠢᠨᠵᠧᠨᠧᠷᠢᠩ ᠲᠠᠢ ᠤᠶᠠᠯᠳᠤᠭᠤᠯᠤᠨ᠂ ᠭᠤᠤᠯ ᠵᠠᠮ ᠳᠤ ᠲᠡᠭᠡᠭᠡᠪᠦᠷᠢᠯᠡᠬᠦ ᠬᠡᠮᠵᠢᠶ᠎ᠡ ᠪᠠᠷ ᠶᠡᠭᠡ ᠲᠦᠷᠭᠡᠨ ᠬᠤᠷᠳᠤ ᠶᠢᠨ ᠨᠡᠶᠢᠲᠡ ᠶᠢᠨ ᠮᠠᠰᠢᠨ ᠲᠡᠷᠭᠡᠨ ᠤ ᠰᠢᠰᠲ᠋ᠧᠮ ︵B R T︶ ᠲᠣᠬᠢᠷᠠᠭᠤᠯᠵᠤ᠂ B R T  ᠨᠡᠶᠢᠲᠡ ᠶᠢᠨ ᠮᠠᠰᠢᠨ ᠲᠡᠷᠭᠡ ᠶᠢᠨ ᠲᠤᠰᠬᠠᠢ ᠵᠠᠮ ᠪᠠ ᠥᠷᠲᠡᠭᠡ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠬᠦᠯᠦᠨ᠎ᠡ᠃ B R T ᠨᠡᠪᠲᠡᠷᠡᠬᠦ ᠣᠷᠣᠨ ᠤ ᠵᠠᠮ ᠬᠠᠷᠢᠯᠴᠠᠭᠠᠨ ᠤ ᠲᠡᠮᠳᠡᠭ ᠱᠤᠭᠤᠮ ᠵᠢᠴᠢ  ᠵᠠᠮ ᠤᠨ ᠠᠭᠤᠯᠵᠠᠷ ᠤᠨ  ᠲᠤᠬᠢᠶ᠎ᠠ ᠡᠵᠡᠮᠳᠡᠬᠦ ᠵᠠᠭᠪᠤᠷ ᠢ ᠰᠢᠯᠢᠳᠡᠭᠵᠢᠭᠦᠯᠵᠦ᠂ B R T ᠲᠦᠷᠭᠡᠨ ᠬᠤᠷᠳᠤ ᠶᠢᠨ ᠨᠡᠶᠢᠲᠡ ᠶᠢᠨ ᠮᠠᠰᠢᠨ ᠲᠡᠷᠭᠡ ᠶᠢᠨ ᠲᠤᠰᠬᠠᠶ ᠵᠠᠮ ᠤᠨ ᠡᠷᠬᠡ᠂ ᠲᠦᠷᠭᠡᠨ ᠠᠶᠠᠯᠠᠬᠤ᠂  ᠲᠡᠭ ᠵᠠᠢ ᠠᠴᠠ ᠮᠠᠰᠢᠨ ᠲᠡᠷᠭᠡ  ᠰᠣᠯᠢᠵᠤ ᠰᠠᠭᠤᠬᠤ ᠶᠢ ᠪᠡᠶᠡᠯᠡᠭᠦᠯᠵᠦ᠂ ᠡᠩ ᠤᠨ ᠨᠡᠶᠢᠲᠡ ᠶᠢᠨ ᠮᠠᠰᠢᠨ ᠲᠡᠷᠭᠡ B R T ᠶᠢᠨ ᠲᠤᠰᠬᠠᠶ ᠵᠠᠮ ᠵᠢᠴᠢ ᠥᠷᠲᠡᠭᠡ  ᠳᠤ ᠤᠷᠤᠬᠤ ᠶᠢ ᠵᠥᠪᠰᠢᠶᠡᠷᠡᠨ᠎ᠡ᠃ 2021 ᠣᠨ ᠤ ᠰᠡᠭᠦᠯᠴᠢ ᠪᠣᠯᠳᠠᠯ᠎ᠠ ᠪᠣᠯᠲᠠᠯ᠎ᠠ᠂ ᠮᠠᠨ ᠤ ᠬᠤᠲᠠ ᠶᠢᠨ B R T ᠲᠦᠷᠭᠡᠨ ᠬᠤᠷᠳᠤ ᠶᠢᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ  ᠢ 11 ᠵᠤᠷᠪᠤᠰ  ᠪᠤᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    4.ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ︽ᠬᠤᠲᠠ ᠬᠥᠳᠡᠭᠡ ᠶᠢᠨ ᠨᠡᠶᠢᠲᠡ ᠶᠢᠨ ᠵᠠᠮ ᠬᠠᠷᠢᠯᠴᠠᠭ᠎ᠠ  ᠶᠢ ᠨᠢᠭᠡ ᠴᠤᠭᠴᠠᠵᠢᠭᠤᠯᠤᠨ ᠬᠦᠭᠵᠢᠬᠦᠯᠬᠦ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠬᠤᠲᠠ ᠳᠡᠭᠦᠷᠭᠡ ᠶᠢᠨ ᠠᠭᠤᠯᠵᠠᠷ ᠬᠡᠰᠡᠭ ᠤᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ᠂ ᠬᠤᠲᠠ ᠶᠢᠨ ᠬᠠᠷᠢᠶ᠎ᠠ ᠲᠣᠭᠤᠷᠢᠭ ᠤᠨ ᠳᠤᠮᠳᠠ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ᠂ ᠬᠤᠰᠢᠭᠤ ᠰᠢᠶᠠᠨ ᠤ ᠭᠤᠣᠯ ᠬᠤᠲᠠ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ  ᠤᠯᠤᠰ ᠤᠨ ᠥᠮᠴᠢᠯᠡᠯᠳᠦ  ᠪᠣᠯᠭᠠᠨ ᠦᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠬᠤᠲᠠ ᠳᠡᠭᠦᠷᠭᠡ ᠶᠢᠨ ᠠᠭᠤᠯᠵᠠᠷ ᠬᠡᠰᠡᠭ ᠤᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠲᠥᠯᠥᠪᠵᠢᠭᠦᠯᠭᠡ ᠶᠢᠨ ᠲᠥᠰᠦᠯ ᠢ ᠲᠣᠭᠲᠠᠭᠠᠵᠤ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠪᠠᠶᠢᠷᠢᠰᠢᠭᠤᠯᠤᠯᠳᠠ ᠶᠢ ᠠᠯᠬᠤᠮ ᠠᠯᠬᠤᠮ ᠢᠶᠠᠷ ᠭᠤᠣᠯ ᠬᠤᠲᠠ ᠲᠣᠭᠤᠷᠢᠭ ᠠᠴᠠ ᠭᠠᠳᠠᠭᠰᠢ 50 ᠺᠢᠯᠤᠮᠧᠲᠷ ᠪᠣᠯᠭᠠᠨ ᠥᠷᠭᠡᠳᠬᠡᠵᠦ᠂ ᠬᠤᠲᠠ ᠬᠦᠳᠡᠭᠡ ᠶᠢᠨ ᠠᠭᠤᠯᠵᠠᠷ ᠬᠡᠰᠡᠭ ᠤᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠦᠨ᠎ᠡ᠃ ᠬᠤᠲᠠ ᠳᠡᠭᠦᠷᠭᠡ ᠶᠢᠨ ᠠᠭᠤᠯᠵᠠᠷ ᠬᠡᠰᠡᠭ ᠤᠨ ᠨᠡᠶᠢᠲᠡ ᠶᠢᠨ ᠮᠠᠰᠢᠨ ᠲᠡᠷᠭᠡ ᠶᠢᠨ ᠲᠤᠭ᠎ᠠ ᠶᠢ ᠨᠡᠮᠡᠭᠳᠡᠭᠦᠯᠵᠦ᠂ 2019 ᠣᠨ ᠤ ᠰᠡᠭᠦᠯᠴᠢ ᠪᠣᠯᠳᠠᠯ᠎ᠠ ᠬᠤᠲᠠ ᠳᠡᠭᠦᠷᠭᠡ ᠶᠢᠨ ᠠᠭᠤᠯᠵᠠᠷ ᠬᠡᠰᠡᠭ  ᠲᠤ 200 ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠲᠠ ᠶᠢᠨ  ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    5.ᠨᠡᠶᠢᠲᠡ ᠶᠢᠨ ᠵᠠᠮ ᠬᠠᠷᠢᠯᠴᠠᠭ᠎ᠠ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃  ᠨᠡᠶᠢᠲᠡ ᠶᠢᠨ ᠵᠠᠮ ᠬᠠᠷᠢᠯᠴᠠᠭᠠᠨ ᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠲᠣᠮᠣ ᠳ᠋ᠠᠶᠢᠲ᠋ᠠ ᠶᠢᠨ ᠵᠠᠳᠠᠯᠤᠯᠲᠠ ᠶᠢ ᠣᠨᠣᠪᠴᠢᠲᠠᠶ ᠬᠢᠵᠦ᠂ ᠵᠠᠮ ᠱᠤᠭᠤᠮ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠯᠥᠪᠵᠢᠭᠦᠯᠬᠦ ᠪᠠ ᠪᠦᠬᠦ ᠬᠤᠲᠠ ᠶᠢᠨ ᠵᠠᠮ ᠤᠨ ᠲᠦᠭᠵᠢᠷᠡᠯ ᠤᠨ ᠪᠠᠶᠢᠳᠠᠯ ᠢ ᠨᠠᠮᠳᠠᠭᠤᠯᠬᠤ ᠳᠤ ᠰᠢᠢᠳᠪᠦᠷᠢᠲᠦ ᠪᠣᠳᠣᠯᠭ᠎ᠠ  ᠶᠢᠨ ᠦᠨᠳᠦᠰᠦᠯᠡᠯ ᠬᠠᠩᠭᠠᠬᠤ ᠬᠡᠷᠡᠭᠲᠡᠶ᠃ ᠨᠡᠶᠢᠲᠡ ᠶᠢᠨ ᠵᠠᠮ ᠬᠠᠷᠢᠯᠴᠠᠭᠠᠨ ᠤ ᠲᠣᠮᠣ ᠳ᠋ᠠᠶᠢᠲ᠋ᠠ ᠬᠦᠮᠦᠷᠭᠡ ᠶᠢ ᠰᠤᠳᠤᠯᠤᠨ ᠨᠡᠭᠡᠭᠡᠬᠦ ᠠᠯᠬᠤᠴᠠ ᠶᠢ ᠲᠦᠷᠭᠡᠳᠬᠡᠵᠦ᠂ ᠶᠠᠪᠤᠵᠤ ᠰᠠᠭᠤᠬᠤ ᠠᠷᠭ᠎ᠠ ᠮᠠᠶ᠋ᠢᠭ᠂  ᠶᠠᠪᠤᠵᠤ ᠰᠠᠭᠤᠬᠤ ᠴᠠᠭ ᠬᠤᠭᠤᠴᠠᠭ᠎ᠠ᠂  ᠶᠠᠪᠤᠵᠤ ᠰᠠᠭᠤᠬᠤ ᠡᠬᠢᠯᠡᠯᠲᠡ ᠲᠡᠭᠦᠰᠬᠡᠯ ᠤᠨ ᠴᠡᠭ᠂ ᠠᠶᠠᠨᠴᠢᠳ ᠤᠨ ᠲᠤᠭ᠎ᠠ ᠮᠠᠰᠢᠨ ᠲᠡᠷᠭᠡᠨ ᠤ ᠲᠤᠭ᠎ᠠ ᠶᠢ ᠪᠦᠷᠢᠳᠬᠡᠬᠦ ᠵᠡᠷᠭᠡ ᠬᠦᠷᠢᠶᠡᠨ ᠳᠤ ᠲᠤᠭ᠎ᠠ ᠪᠠᠷᠢᠮᠲᠠ ᠴᠤᠭᠯᠠᠭᠤᠯᠬᠤ ᠪᠠ ᠵᠠᠳᠠᠯᠬᠤ ᠠᠵᠢᠯ ᠢ ᠥᠷᠨᠢᠭᠦᠯᠬᠦ ᠬᠡᠷᠡᠭᠲᠡᠶ᠃ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ᠂ ᠵᠢᠯᠣᠭᠤᠴᠢ ᠶᠢᠨ ᠦᠢᠯᠡ ᠠᠵᠢᠯᠯᠠᠭ᠎ᠠ ᠶᠢ ᠵᠠᠳᠠᠯᠬᠤ ᠲᠠᠪᠴᠠᠩ ᠢ ᠲᠦᠷᠭᠡᠳᠬᠡᠨ ᠬᠥᠭᠵᠢᠭᠦᠯᠵᠦ᠂ ᠪᠢᠯᠧᠲ ᠤᠨ ᠵᠣᠭᠤᠰ ᠮᠦᠩᠭᠦ ᠶᠢ  ᠬᠢᠨᠠᠨ ᠬᠠᠮᠢᠶᠠᠷᠬᠤ᠂ ᠴᠠᠬᠢᠯᠭᠠᠨ ᠲᠡᠷᠭᠡ ᠴᠠᠬᠢᠯᠭᠠᠨ ᠴᠡᠨᠡᠭᠯᠡᠬᠦ᠂ ᠲᠠᠯᠠᠪᠤᠷ ᠥᠷᠲᠡᠭᠡ ᠶᠢ ᠬᠢᠨᠠᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠠᠪᠴᠠᠩ ᠢ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠬᠡᠷᠡᠭᠯᠡᠨ ᠤᠯᠠᠮᠵᠢᠯᠠᠯᠲᠤ ᠬᠠᠮᠢᠶᠠᠷᠤᠯᠲᠠ ᠶᠢᠨ ᠵᠠᠭᠪᠤᠷ ᠢ ᠶᠡᠬᠡᠪᠡᠷ ᠥᠭᠡᠷᠡᠴᠢᠯᠡᠵᠦ᠂ ᠠᠵᠤ ᠠᠬᠤᠶᠢᠯᠠᠯ ᠤᠨ ᠬᠠᠮᠢᠶᠠᠷᠤᠯᠲᠠ  ᠶᠢᠨ ᠤᠶᠤᠨᠴᠢᠯᠠᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠣᠶᠤᠨᠴᠢᠯᠠᠭᠰᠠᠨ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠦᠨᠡᠯᠡᠯᠲᠡ ᠬᠢᠬᠦ ᠪᠠᠨ ᠴᠢᠩᠭᠠᠳᠬᠠᠵᠤ  ᠂ ᠨᠡᠶᠢᠲᠡ ᠶᠢᠨ ᠵᠠᠮ ᠬᠠᠷᠢᠯᠴᠠᠭ᠎ᠠ ᠶᠢᠨ ᠮᠡᠳᠡᠭᠡ ᠵᠠᠩᠭᠢ ᠨᠡᠶᠢᠲᠡᠯᠡᠬᠦ᠂ ᠲᠡᠷᠭᠡ ᠬᠥᠰᠬᠡ ᠲᠣᠬᠢᠷᠠᠭᠤᠯᠬᠤ᠂ ᠮᠠᠰᠢᠨ ᠲᠡᠷᠭᠡᠨ ᠤ ᠠᠩᠭᠢ ᠶᠢ ᠬᠠᠮᠢᠶᠠᠷᠬᠤ᠂ ᠲᠡᠷᠭᠡ ᠬᠥᠰᠬᠡ ᠶᠢ ᠬᠢᠨᠠᠨ ᠡᠵᠡᠮᠳᠡᠬᠦ ᠵᠡᠷᠭᠡ ᠲᠠᠯ᠎ᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠴᠢᠩ ᠴᠧᠩ ᠬᠤᠲᠠ ᠶᠢᠨ ᠠᠷᠠᠳ ᠤᠨ ᠺᠠᠷᠲ ᠤᠨ ᠬᠤᠲᠠ ᠶᠢᠨ ᠬᠠᠷᠢᠶ᠎ᠠ ᠲᠣᠭᠤᠷᠢᠭ ᠤᠨ ᠲᠤᠳᠤᠷ᠎ᠠ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠶᠢ ᠲᠡᠭᠦᠯᠳᠡᠷᠵᠢᠭᠦᠯᠵᠦ᠂ ᠰᠦᠢᠳᠭᠡᠯ ᠲᠤᠰᠢᠶᠠᠬᠤ ᠣᠯᠠᠨ ᠵᠦᠢᠯ ᠤᠨ ᠴᠢᠳᠠᠮᠵᠢ ᠵᠢᠴᠢ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ ᠲᠦᠷᠢᠶᠡᠰᠦᠨ ᠮᠠᠰᠢᠨ᠂ ᠨᠡᠶᠢᠲᠡ ᠶᠢᠨ ᠳᠤᠭᠤᠶ ᠲᠡᠷᠭᠡ ᠵᠡᠷᠭᠡ ᠤᠯᠠᠨ ᠲᠦᠷᠦᠯ ᠤᠨ ᠨᠡᠶᠢᠲᠡ ᠶᠢᠨ ᠵᠠᠮ ᠬᠠᠷᠢᠯᠴᠠᠭᠠᠨ ᠳᠤ ᠨᠢᠭᠡ ᠺᠠᠷᠲ ᠢ ᠪᠦᠭᠦᠳᠡ ᠳᠤ ᠭᠡᠷᠡᠭᠯᠡᠬᠦ ᠴᠢᠳᠠᠮᠵᠢ ᠶᠢ ᠪᠡᠶᠡᠯᠡᠭᠦᠯᠦᠨ᠎ᠡ᠃ ᠮᠠᠨ ᠤ ᠬᠤᠲᠠ ᠶᠢᠨ ᠬᠦᠬᠡᠬᠤᠲᠠ ᠶᠢᠨ ᠵᠤᠭᠰᠤᠭᠠᠯ  ᠤᠨ ᠲᠦᠷᠥᠯ ᠵᠦᠢᠯ ᠲᠠᠢ  ᠤᠶᠠᠯᠳᠤᠭᠤᠯᠤᠨ᠂ ᠨᠢᠭᠡ ᠪᠦᠯᠦᠭ ︽ ᠠᠷᠠᠳ ᠤᠨ ᠲᠡᠷᠭᠡ ᠬᠦᠯᠢᠶᠡᠬᠦ ᠭᠡᠷ︾ ᠢ ᠦᠷᠭᠦᠯᠵᠢᠯᠡᠨ ᠪᠠᠶᠢᠭᠤᠯᠵᠤ᠂ ᠠᠶᠠᠨᠴᠢᠳ ᠲᠡᠷᠭᠡ ᠬᠦᠯᠢᠶᠡᠬᠦ ᠵᠢᠴᠢ ᠨᠡᠶᠢᠲᠡ ᠶᠢᠨ ᠮᠠᠰᠢᠨ ᠲᠡᠷᠭᠡ ᠶᠢᠨ ᠴᠢᠮᠡᠭᠡ ᠵᠠᠩᠭᠢ ᠶᠢ ᠴᠠᠭ ᠲᠤᠬᠠᠢ ᠳᠤᠨᠢ ᠮᠡᠳᠡᠬᠦ ᠴᠢᠳᠠᠮᠵᠢ ᠶᠢ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ  ᠨᠢᠭᠡᠴᠡ᠄ ᠬᠤᠲᠠ ᠶᠢᠨ ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ︶    ︵ᠲᠠᠪᠤ︶  ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯ ᠲᠦᠷᠦᠯ ᠤᠨ  ᠠᠵᠢᠯᠳᠠᠨ  ᠤ ᠬᠠᠮᠠᠭᠠᠯᠠᠯᠳᠠ ᠶᠢ ᠴᠢᠩᠭᠠᠳᠬᠠᠨ᠎ᠠ    1.ᠠᠵᠢᠯᠲᠠᠨ ᠤ ᠬᠦᠯᠦᠰᠦ ᠤᠯᠭᠤᠮᠵᠢ ᠶᠢ ᠪᠠᠲᠤᠯᠠᠬᠤ ᠬᠡᠷᠡᠭᠲᠡᠶ᠃ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠠᠵᠢᠯᠲᠠᠨ ᠤ  ᠴᠠᠯᠢᠩ  ᠢ ᠨᠡᠶᠢᠭᠡᠮ ᠤᠨ ᠠᠵᠤ ᠠᠬᠤᠢ ᠶᠢᠨ ᠦᠷ᠎ᠡ ᠠᠰᠢᠭ ᠲᠠᠢ ᠬᠤᠯᠪᠣᠭᠰᠠᠨ ᠬᠡᠪ ᠤᠨ ᠨᠡᠮᠡᠭᠳᠡᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯᠲᠠᠨ ᠤ ᠣᠷᠣᠯᠭ᠎ᠠ ᠶᠢ ᠨᠡᠶᠢᠭᠡᠮ ᠤᠨ ᠳᠤᠮᠳᠠᠴᠢ ᠬᠢᠷᠢ  ᠲᠦᠪᠰᠢᠨ ᠠᠴᠠ ᠳᠣᠤᠷ᠎ᠠ ᠪᠠᠶᠢᠯᠭᠠᠬᠤ ᠦᠭᠡᠢ ᠶᠢ ᠥᠨᠡᠨ ᠬᠦ ᠪᠠᠲᠤᠯᠠᠵᠤ᠂ ᠲᠣᠭᠲᠠᠭᠠᠯ ᠶᠣᠰᠣᠭᠠᠷ ᠠᠵᠢᠯᠲᠠᠨ ᠳᠤ ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠶᠢᠨ ᠳᠠᠭᠠᠳᠬᠠᠯ ᠢ ᠨᠢ ᠲᠤᠰᠢᠶᠠᠨ ᠦᠭᠴᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ ᠥᠭᠭᠦ ᠬᠡᠷᠡᠭᠲᠡᠶ᠃ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠠᠵᠢᠯᠲᠠᠨ ᠤ ᠠᠮᠢᠳᠤᠷᠠᠯ ᠢ ᠬᠠᠯᠠᠮᠵᠢᠯᠠᠨ᠂ ᠠᠵᠢᠯᠯᠠᠬᠤ ᠨᠥᠬᠦᠴᠡᠯ ᠢ ᠨᠢ ᠰᠠᠶᠢᠵᠢᠷᠠᠭᠤᠯᠵᠤ᠂ ᠦᠷᠭᠦᠯᠵᠢᠯᠡᠨ ᠨᠡᠶᠢᠲᠡ ᠶᠢᠨ ᠮᠠᠰᠢᠨ ᠲᠡᠷᠭᠡ ᠵᠢᠯᠤᠭᠤᠳᠤᠭᠠᠳ ᠵᠣᠬᠢᠬᠤ ᠵᠢᠯ ᠬᠤᠭᠤᠴᠠᠭ᠎ᠠ ᠪᠤᠯᠤᠭᠰᠠᠨ ᠨᠢᠭᠡᠳᠦᠭᠡᠷ ᠹᠷᠣᠨᠲ ᠤᠨ ᠨᠡᠶᠢᠲᠡ ᠶᠢᠨ ᠮᠠᠰᠢᠨ ᠲᠡᠷᠭᠡ ᠶᠢᠨ ᠵᠢᠯᠣᠭᠤᠴᠢ ᠳᠤ ᠠᠯᠤᠰ ᠤᠨ ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠪᠠᠷ ᠯᠠᠪᠯᠠᠯᠲᠠ ᠪᠣᠯᠭᠠᠨ ᠠᠵᠢᠯ ᠠᠴᠠ ᠨᠢ ᠤᠷᠢᠳᠴᠢᠯᠠᠨ ᠠᠮᠠᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ  ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    2.ᠠᠵᠢᠯᠳᠠᠨ  ᠤ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠲᠡ ᠶᠢᠨ ᠮᠠᠰᠢᠨ ᠲᠡᠷᠭᠡ ᠶᠢᠨ ᠬᠤᠤᠰ ᠡᠭᠡᠯᠵᠢ ᠶᠢᠨ ᠵᠢᠯᠣᠭᠤᠴᠢ ᠶᠢ ᠠᠯᠬᠤᠮ ᠠᠯᠬᠤᠮ ᠢᠶᠠᠷ ᠪᠠᠭᠠᠰᠬᠠᠵᠤ᠂ ᠵᠢᠯᠣᠭᠤᠴᠢ ᠶᠢᠨ ᠪᠣᠯᠪᠠᠰᠤᠷᠠᠭᠤᠯᠤᠯ᠂ ᠰᠢᠯᠭᠠᠯᠲᠠ ᠶᠢᠨ ᠬᠠᠲᠠᠭᠤ ᠲᠤᠨᠤᠭ ᠤᠨ ᠪᠡᠯᠡᠳᠬᠡᠮᠵᠢ ᠶᠢ ᠪᠠᠶᠢᠭᠤᠯᠤᠨ ᠪᠦᠷᠢᠨᠰᠢᠭᠦᠯᠵᠦ᠂ ᠬᠥᠳᠡᠯᠮᠦᠷᠢ ᠬᠦᠴᠦ ᠶᠢ ᠲᠣᠮᠢᠯᠠᠬᠤ ᠳᠦᠷᠢᠮ ᠢ ᠰᠦᠪᠡᠭᠴᠢᠯᠡᠵᠦ᠂ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯ ᠲᠥᠷᠥᠯ ᠤᠨ ᠠᠵᠢᠯᠲᠠᠨ ᠢ ᠳᠠᠮᠵᠢᠭᠤᠯᠤᠨ ᠬᠦᠷᠭᠡᠬᠦ ᠠᠷᠭ᠎ᠠ ᠵᠠᠮ  ᠢ ᠰᠠᠭᠠᠳ ᠦᠭᠡᠢ ᠨᠡᠪᠲᠡᠷᠡᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠲᠣᠭᠲᠠᠭᠠᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠷᠢᠭᠤᠴᠠᠯᠭᠠᠲᠤ  ᠨᠢᠭᠡᠴᠡ᠄ ᠬᠤᠲᠠ ᠶᠢᠨ  ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    ︵ ᠵᠢᠷᠭᠤᠭ᠎ᠠ︶  ᠨᠡᠶᠢᠲᠡ ᠶᠢᠨ ᠵᠠᠮ ᠬᠠᠷᠢᠯᠴᠠᠭ᠎ᠠ ᠶᠢᠨ ᠠᠶᠤᠯᠬᠦᠢ ᠶᠢᠨ ᠬᠠᠮᠢᠶᠠᠷᠤᠯᠳᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠡ    ᠲᠡᠷᠭᠡᠨ ᠳᠡᠭᠡᠷᠡᠮ ᠵᠠᠮ ᠡᠵᠡᠷᠬᠡᠭᠴᠢ ᠵᠢᠴᠢ ᠵᠢᠯᠣᠭᠤᠴᠢ ᠶᠢᠨ ᠬᠡᠪ ᠤᠨ ᠶᠣᠰᠣᠭᠠᠷ ᠵᠢᠯᠣᠭᠤᠳᠬᠤ ᠶᠢ ᠬᠠᠷᠰᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ  ᠴᠢᠩᠭᠠᠷᠠᠭᠤᠯᠤᠨ᠂ ᠨᠡᠶᠢᠲᠡ ᠶᠢᠨ ᠵᠠᠮ ᠬᠠᠷᠢᠯᠴᠠᠭᠠᠨ ᠤ ᠬᠦᠨᠳᠦ ᠣᠨᠴᠠ ᠶᠡᠭᠡ ᠠᠳᠡᠯ ᠭᠠᠷᠬᠤ ᠶᠢ ᠲᠠᠰᠤ ᠬᠤᠷᠢᠭᠯᠠᠵᠤ᠂ ᠡᠯ᠎ᠡ ᠲᠥᠷᠥᠯ ᠤᠨ ᠠᠳᠡᠯ ᠭᠠᠷᠬᠤ ᠳᠠᠪᠲᠠᠮᠵᠢ ᠶᠢ ᠪᠠᠭᠤᠷᠠᠭᠤᠯᠬᠤ ᠬᠡᠷᠡᠭᠲᠡᠶ᠃ ᠲᠡᠷᠭᠡ ᠬᠥᠰᠬᠡ ᠶᠢᠨ ᠠᠶᠤᠯᠬᠦᠢ ᠶᠢᠨ ᠪᠡᠯᠡᠳᠬᠡᠮᠵᠢ ᠶᠢ ᠨᠡᠮᠡᠨ ᠪᠠᠶᠢᠭᠤᠯᠵᠤ᠂ ᠵᠢᠯᠣᠭᠤᠴᠢ ᠶᠢ ᠬᠦᠷᠢᠶᠡᠯᠡᠨ ᠲᠤᠰᠠᠭᠠᠷᠯᠠᠬᠤ᠂ ᠠᠶᠤᠯ ᠲᠠᠢ ᠡᠳ᠋ ᠢ ᠠᠦ᠋ᠲ᠋ᠣ᠋ ᠪᠠᠶᠢᠴᠠᠭᠠᠨ ᠬᠡᠮᠵᠢᠬᠦ ᠵᠡᠷᠭᠡ ᠲᠥᠬᠦᠭᠡᠷᠦᠮᠵᠢ ᠶᠢ ᠠᠯᠬᠤᠮ ᠠᠯᠬᠤᠮ ᠢᠶᠠᠷ ᠤᠭᠰᠠᠷᠠᠵᠤ᠂ ᠮᠠᠰᠢᠨ ᠲᠡᠷᠭᠡᠨ ᠤ  ᠠᠶᠤᠯᠬᠦᠢ ᠠᠶᠠᠯᠠᠬᠤ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠶ᠃ ︵ᠲᠦᠷᠦᠭᠦᠯᠡᠨ ᠬᠢᠬᠦ  ᠨᠢᠭᠡᠴᠡ᠄ ᠬᠤᠲᠠ ᠶᠢᠨ ᠵᠠᠮ  ᠬᠠᠷᠢᠯᠴᠠᠭ᠎ᠠ ᠲᠡᠭᠡᠭᠡᠪᠦᠷᠢ  ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ  ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    ︵ᠲᠤᠯᠤᠭ᠎ᠠ︶ ᠠᠵᠤ ᠠᠬᠤᠶᠢᠯᠠᠯ ᠤᠨ ᠬᠠᠮᠢᠶᠠᠷᠤᠯᠳᠠ ᠶᠢᠨ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ    ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠳ ᠳᠣᠲᠣᠭᠠᠳᠤ ᠶᠢᠨ ᠥᠭᠡᠷᠡᠴᠢᠯᠡᠯᠲᠡ ᠪᠠᠨ ᠭᠦᠨᠵᠡᠭᠡᠶᠢᠷᠡᠭᠦᠯᠵᠦ᠂ ᠳᠣᠲᠣᠭᠠᠳᠤ ᠶᠢᠨ ᠬᠠᠮᠢᠶᠠᠷᠤᠯᠲᠠ ᠵᠢᠴᠢ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠳᠣᠲᠣᠭᠠᠳᠤ ᠶᠢᠨ ᠬᠢᠨᠠᠨ ᠪᠣᠳᠣᠯᠲᠠ ᠵᠢᠴᠢ ᠰᠢᠯᠭᠠᠨ ᠦᠨᠡᠯᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠬᠠᠮᠢᠶᠠᠷᠤᠯᠲᠠ ᠶᠢᠨ ᠠᠵᠢᠯᠲᠠᠨ ᠢᠶᠠᠨ ᠴᠣᠮᠬᠠᠳᠬᠠᠨ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠷᠡᠭᠦᠯ ᠪᠥᠭᠡᠳ  ᠦᠷᠬᠦᠯᠵᠢᠯᠡᠭᠦᠶᠢᠴᠡ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠥᠪᠡᠷ ᠤᠨ ᠥᠷᠲᠡᠭ ᠤᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠦᠷ᠎ᠡ ᠠᠰᠢᠭ ᠢ ᠨᠡᠮᠡᠭᠳᠡᠭᠦᠯᠵᠦ ᠵᠠᠷᠤᠳᠠᠯ ᠢ ᠬᠢᠵᠠᠭᠠᠷᠯᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠬᠠᠮᠢᠶᠠᠷᠤᠯᠲᠠ ᠶᠢᠨ ᠳᠤᠲᠠᠭᠳᠠᠯ ᠢ ᠨᠥᠬᠦᠪᠥᠷᠢᠯᠡᠬᠦ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ︶    ︵ᠨᠠᠢᠮᠠ)  ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯ ᠲᠦᠷᠦᠯ ᠤᠨ ᠤᠬᠠᠭᠤᠯᠭ᠎ᠠ ᠶᠢᠨ ᠬᠦᠴᠦᠯᠡᠴᠡ ᠶᠢ ᠴᠢᠩᠭᠠᠳᠬᠠᠨ᠎ᠠ    ᠨᠡᠶᠢᠲᠡ ᠶᠢᠨ ᠵᠠᠮ ᠬᠠᠷᠢᠯᠴᠠᠭᠠᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠ ︽ᠬᠠᠮᠤᠭ ᠤᠨ ᠭᠤᠶᠤ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯᠲᠠᠨ︾ ︽ ᠪᠢ ᠬᠡᠷᠪᠡ ᠠᠶᠠᠨᠴᠢᠨ ᠪᠣᠯ︾ ᠵᠡᠷᠭᠡ ᠪᠣᠯᠪᠠᠰᠤᠨ ᠢᠶᠠᠷ ᠦᠢᠯᠡᠴᠢᠯᠡᠬᠦ᠂ ᠪᠣᠯᠪᠠᠰᠤᠨ ᠢᠶᠠᠷ ᠲᠡᠷᠭᠡ ᠵᠢᠯᠣᠭᠤᠳᠬᠤ ᠠᠵᠢᠯᠯᠠᠭ᠎ᠠ ᠶᠢ ᠶᠡᠬᠡᠪᠡᠷ ᠥᠷᠨᠢᠭᠦᠯᠬᠦ ᠬᠡᠷᠡᠭᠲᠡᠶ᠃ ︽ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠪᠣᠳᠣᠯᠬᠢᠯᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠤᠬᠠᠭᠤᠯᠭ᠎ᠠ ᠶᠢᠨ ᠭᠠᠷᠠᠭ ᠵᠢᠴᠢ ᠮᠠᠰᠢᠨ ᠲᠡᠷᠭᠡ ᠪᠠᠷᠢᠬᠤ ᠦᠭᠡᠢ ᠡᠳᠦᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠮᠡᠳᠡᠭᠡ ᠵᠠᠭᠤᠴᠢᠯᠠᠭᠤᠷ ᠤᠨ ᠬᠢᠨ ᠨᠡᠶᠢᠭᠡᠮ ᠳᠠᠶᠠᠭᠠᠷ ᠤᠨ ᠨᠡᠶᠢᠲᠡ ᠶᠢᠨ ᠵᠠᠮ ᠬᠠᠷᠢᠯᠴᠠᠭ᠎ᠠ  ᠶᠢ ᠠᠩᠬᠠᠷᠬᠤ ᠂ ᠨᠡᠶᠢᠲᠡ ᠶᠢᠨ ᠵᠠᠮ ᠬᠠᠷᠢᠯᠴᠠᠭ᠎ᠠ ᠶᠢ ᠬᠠᠯᠠᠮᠵᠢᠯᠠᠬᠤ᠂ ᠨᠡᠶᠢᠲᠡ ᠶᠢᠨ ᠵᠠᠮ ᠬᠠᠷᠢᠯᠴᠠᠭ᠎ᠠ ᠶᠢ  ᠲᠡᠮᠵᠢᠬᠦ ᠶᠢ ᠬᠦᠳᠦᠯᠦᠨ ᠵᠢᠯᠤᠭᠤᠳᠴᠤ᠂ ᠨᠡᠶᠢᠲᠡ ᠶᠢᠨ ᠮᠠᠰᠢᠨ ᠲᠡᠷᠭᠡ ᠶᠢ ᠶᠠᠪᠤᠵᠤ ᠰᠠᠭᠤᠬᠤ ᠳᠤ ᠡᠩ ᠲᠡᠷᠢᠭᠦᠨ ᠳᠤ ᠰᠣᠩᠭᠤᠬᠤ ᠠᠷᠭ᠎ᠠ ᠮᠠᠶ᠋ᠢᠭ ᠪᠣᠯᠭᠠᠬᠤ ᠬᠡᠷᠡᠭᠲᠡᠶ᠃ ︵ᠲᠦᠷᠦᠭᠦᠯᠡᠨ ᠬᠢᠬᠦ  ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠣᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠬᠤᠲᠠ ᠶᠢᠨ  ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ︶    ᠲᠥᠷᠪᠡ᠂ ᠲᠥᠷᠥ ᠶᠢᠨ  ᠪᠣᠳᠣᠯᠭ᠎ᠠ ᠶᠢᠨ ᠪᠠᠳᠤᠯᠠᠭ᠎ᠠ    ︵ᠨᠢᠭᠡ︶ ᠥᠪᠡᠷ ᠤᠨ ᠥᠷᠳᠡᠭ ᠢ ᠲᠤᠭᠲᠠᠭᠠᠬᠤ ᠲᠥᠷᠢᠮ ᠢ ᠪᠠᠶᠢᠭᠤᠯᠤᠨ᠎ᠠ    ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ  ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠦᠷᠦᠭᠦᠯᠡᠨ ︽ᠬᠦᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠲᠣᠭᠲᠠᠭᠠᠬᠤ ᠠᠷᠭ᠎ᠠ︾ ᠶᠢ ᠨᠡᠶᠢᠲᠡᠯᠡᠵᠦ᠂ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠪᠠᠷᠢᠮᠵᠢᠶ᠎ᠠ ᠶᠢ ᠵᠦᠶ ᠵᠣᠬᠢᠰᠲᠠᠶ ᠵᠠᠭᠠᠭᠯᠠᠨ ᠲᠤᠭᠲᠠᠭᠠᠵᠤ᠂ ᠭᠤᠷᠪᠠᠳᠠᠬᠢ ᠡᠲᠡᠭᠡᠳ ᠠᠴᠠ ᠬᠢᠨᠠᠨ ᠰᠢᠯᠭᠠᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠪᠠ ᠵᠠᠷᠤᠳᠠᠯ ᠳᠤ ᠣᠨ ᠤ ᠲᠤᠰᠬᠠᠶ ᠬᠢᠨᠠᠨ ᠪᠣᠳᠣᠯᠲᠠ ᠪᠠ ᠬᠢᠨᠠᠨ ᠰᠢᠯᠭᠠᠯᠳᠠ ᠦᠨᠡᠯᠡᠨ ᠵᠢᠱᠢᠯᠲᠡ ᠶᠢ ᠬᠡᠷᠡᠭᠵᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢᠶᠠᠷ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠨᠥᠬᠦᠪᠥᠷᠢ ᠶᠢᠨ ᠦᠨᠳᠦᠰᠦᠯᠡᠯ ᠪᠣᠯᠭᠠᠨ᠎ᠠ᠃    ︵ᠬᠤᠶᠠᠷ︶ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ  ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠨ᠎ᠡ    ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠬᠢᠮᠳᠠ ᠦᠨ᠎ᠡ ᠲᠠᠢ ᠪᠢᠯᠧᠲ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠠᠴᠠ ᠭᠠᠳᠠᠨᠠᠬᠢ ᠣᠨᠴᠠᠭᠠᠢ ᠬᠠᠮᠳᠤ ᠨᠡᠶᠢᠲᠡ ᠶᠢ ᠰᠦᠢᠳᠭᠡᠯ ᠬᠤᠷᠢᠶᠠᠬᠤ ᠦᠭᠡᠢ ᠲᠡᠷᠭᠡᠨ ᠳᠡᠭᠡᠨ ᠰᠠᠭᠤᠯᠭᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ ᠪᠣᠯᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠶᠢᠲᠡᠯᠡᠬᠦ᠂ ᠣᠨᠴᠠᠭᠠᠢ ᠨᠡᠭᠦᠲᠡᠯ ᠬᠥᠮᠦᠰ ᠢ ᠲᠡᠭᠡᠭᠡᠪᠦᠷᠢᠯᠡᠨ ᠬᠦᠷᠭᠡᠬᠦ ᠵᠡᠷᠭᠡ ᠵᠠᠰᠠᠭ ᠤᠨ ᠣᠷᠳᠣᠨ ᠤ ᠵᠢᠭᠠᠪᠤᠷᠢ ᠶᠢᠨ ᠡᠭᠦᠷᠭᠡ ᠶᠢ ᠭᠦᠢᠴᠡᠳᠭᠡᠭᠰᠡᠨ ᠠᠴᠠ ᠪᠣᠯᠵᠤ ᠬᠠᠰᠤᠭᠳᠠᠭᠰᠠᠨ ᠣᠷᠣᠯᠭ᠎ᠠ ᠳᠤ ᠦᠢᠯᠡᠴᠢᠯᠡᠭᠡ  ᠶᠢ ᠬᠤᠳᠠᠯᠳᠤᠨ ᠠᠪᠤᠭᠰᠠᠨ ᠬᠡᠮᠵᠢᠶ᠎ᠡ ᠶᠢ ᠦᠨᠳᠦᠰᠦᠯᠡᠨ ᠪᠣᠳᠠᠲᠤ ᠪᠠᠶᠢᠳᠠᠯ ᠢ ᠦᠨᠳᠦᠰᠦᠯᠡᠨ ᠲᠤᠰᠬᠠᠶ  ᠵᠦᠢᠯ ᠤᠨ ᠨᠥᠬᠦᠪᠥᠷᠢ ᠣᠯᠭᠤᠬᠤ ᠬᠡᠷᠡᠭᠲᠡᠶ᠃    ︵ᠭᠤᠷᠪᠠ︶  ᠨᠡᠶᠢᠲᠡ ᠶᠢᠨ ᠵᠠᠮ ᠬᠠᠷᠢᠯᠴᠠᠭ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠠᠲᠤᠯᠠᠨ᠎ᠠ    ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠰᠤᠯᠢᠬᠤ ᠬᠦᠢᠰᠦ᠂ ᠡᠬᠢᠨ ᠤ ᠪᠠ ᠰᠡᠭᠦᠯᠴᠢ ᠶᠢᠨ ᠥᠷᠲᠡᠭᠡ᠂ ᠭᠠᠷᠠᠮ ᠪᠤᠯᠤᠩ ᠮᠠᠶ᠋ᠢᠭ ᠤᠨ ᠥᠷᠲᠡᠭᠡ᠂  ᠨᠡᠶᠢᠲᠡ ᠶᠢᠨ ᠵᠠᠮ ᠬᠠᠷᠢᠯᠴᠠᠭ᠎ᠠ ᠶᠢᠨ ᠲᠤᠰᠬᠠᠶ ᠱᠤᠭᠤᠮ᠂ ᠲᠤᠰᠬᠠᠶ  ᠭᠠᠷᠴᠠ᠂ ᠬᠢᠨᠠᠨ ᠡᠵᠡᠮᠳᠡᠵᠦ ᠰᠡᠭᠦᠳᠡᠷᠯᠡᠬᠦ ᠵᠢᠴᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠵᠡᠷᠭᠡ ᠬᠤᠲᠠ ᠶᠢᠨ  ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠪᠡᠯᠡ ᠮᠥᠩᠭᠦ ᠶᠢ ᠵᠠᠰᠠᠭ ᠤᠨ ᠣᠷᠳᠣᠨ ᠤ ᠲᠥᠰᠦᠪ ᠪᠣᠯᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠬᠡᠷᠡᠭᠲᠡᠶ᠃    ︵ᠲᠥᠷᠪᠡ︶  ᠨᠡᠶᠢᠲᠡ ᠶᠢᠨ ᠵᠠᠮ ᠬᠠᠷᠢᠯᠴᠠᠭ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠠᠷ ᠬᠦᠢᠴᠡᠳᠭᠡᠯ ᠬᠦᠢᠴᠡᠳᠭᠡᠬᠦ ᠰᠠᠭᠠᠳ ᠥᠬᠡᠶ ᠵᠠᠮ ᠢ ᠨᠡᠭᠡᠭᠡᠨ᠎ᠡ    ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯ ᠲᠥᠷᠥᠯ ᠤᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂  ᠨᠡᠶᠢᠲᠡ ᠶᠢᠨ ᠵᠠᠮ ᠬᠠᠷᠢᠯᠴᠠᠭ᠎ᠠ ᠶᠢᠨ ᠲᠠᠯᠠᠪᠤᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ  ᠭᠠᠷ ᠬᠦᠢᠴᠡᠳᠭᠡᠯ ᠪᠠ ᠭᠤᠭᠴᠤᠭ᠎ᠠ ᠶᠢᠨ ᠬᠢᠨᠠᠨ ᠵᠦᠪᠰᠢᠶᠡᠷᠡᠯᠲᠡ ᠶᠢ ᠰᠢᠯᠢᠳᠡᠭᠵᠢᠭᠦᠯᠦᠨ ᠳᠥᠭᠦᠮᠴᠢᠯᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠭᠡᠯ ᠢ ᠬᠦᠢᠴᠡᠳᠭᠡᠬᠦ ᠨᠢ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠨᠡᠶᠢᠲᠡ ᠶᠢᠨ ᠵᠠᠮ ᠬᠠᠷᠢᠯᠴᠠᠭ᠎ᠠ ᠶᠢᠨ ᠲᠠᠯᠠᠪᠤᠷ ᠥᠷᠲᠡᠭᠡ ᠶᠢᠨ  ᠦᠢᠯᠡᠴᠢᠯᠡᠭᠡᠨ  ᠤ ᠲᠥᠷᠥᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃    ︵ᠲᠠᠪᠤ︶ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠲᠣᠰ ᠪᠡᠶ᠎ᠡ ᠶᠢᠨ ᠴᠢᠰᠤ ᠪᠦᠲᠦᠭᠡᠬᠦ ᠴᠢᠳᠠᠪᠤᠷᠢ ᠶᠢ ᠴᠢᠩᠭᠠᠳᠬᠠᠨ᠎ᠠ    ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠭᠤᠤᠯ ᠡᠵᠡᠩᠨᠡᠯᠲᠡ ᠶᠢᠨ ᠠᠵᠢᠯ ᠠᠴᠠ ᠭᠠᠳᠠᠨᠠᠬᠢ ᠪᠤᠰᠤᠳ ᠬᠤᠳᠠᠯᠳᠤᠭᠠᠴᠢᠯᠠᠭᠰᠠᠨ ᠡᠵᠡᠩᠨᠡᠯᠲᠡ ᠳᠤ ᠬᠠᠤᠯᠢ ᠶᠣᠰᠣᠭᠠᠷ ᠵᠣᠬᠢᠬᠤ ᠬᠡᠮᠵᠢᠶᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠰᠢᠭ ᠣᠯᠬᠤ ᠲᠥᠷᠥᠯ ᠵᠦᠢᠯ ᠳᠤ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ ᠭᠤᠷᠪᠠᠳᠤᠭᠠᠷ ᠠᠵᠤ  ᠦᠢᠯᠡᠰ ᠢ ᠲᠦᠷᠭᠡᠳᠬᠡᠨ ᠬᠥᠭᠵᠢᠭᠦᠯᠵᠦ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠲᠣᠰ ᠪᠡᠶ᠎ᠡ ᠶᠢᠨ ᠲᠣᠰᠣ ᠨᠡᠮᠡᠬᠦ᠂ ᠬᠡᠢ ᠨᠡᠮᠡᠬᠦ᠂ ᠴᠠᠬᠢᠯᠭᠠᠨ ᠴᠡᠨᠡᠭᠯᠡᠬᠦ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢᠨ ᠡᠬᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ  ᠭᠠᠳᠠᠭᠰᠢ ᠡᠵᠡᠩᠨᠡᠯᠲᠡ ᠬᠢᠬᠦ ᠶᠢ ᠵᠥᠪᠰᠢᠶᠡᠷᠡᠨ ᠵᠤᠷᠢᠭᠵᠢᠭᠤᠯᠤᠨ᠎ᠠ  ᠃    ︵ᠵᠢᠷᠭᠤᠭ᠎ᠠ︶   ᠨᠡᠶᠢᠲᠡ ᠶᠢᠨ ᠵᠠᠮ ᠬᠠᠷᠢᠯᠴᠠᠭ᠎ᠠ ᠶᠢᠨ ᠠᠵᠢᠯᠲᠠᠨ  ᠤ ᠣᠷᠣᠯᠭ᠎ᠠ ᠶᠢᠨ ᠬᠢᠷᠢ  ᠲᠦᠪᠰᠢᠨ ᠢ ᠳᠡᠭᠡᠭᠰᠢᠯᠡᠭᠦᠯᠦᠨ᠎ᠡ    ᠣᠳᠣᠬᠠᠨ ᠤ ᠬᠤᠲᠠ ᠶᠢᠨ ᠨᠡᠶᠢᠲᠡ ᠶᠢᠨ  ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠠᠵᠢᠯᠲᠠᠨ ᠤ ᠠᠰᠠᠷᠠᠮᠵᠢ ᠬᠠᠷᠠᠭᠠᠯᠵᠠᠯ ᠨᠡᠯᠢᠶᠡᠳ ᠲᠤᠤᠷ᠎ᠠ ᠪᠠᠶᠢᠬᠤ ᠮᠥᠷᠲᠡᠭᠡᠨ ᠨᠡᠶᠢᠭᠡᠮ ᠤᠨ ᠲᠠᠭᠠᠳᠬᠠᠯ᠂ ᠨᠡᠶᠢᠲᠡ ᠶᠢᠨ ᠤᠷᠤᠨ ᠰᠠᠭᠤᠴᠠ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠬᠤ ᠶᠢᠨ ᠠᠷᠭ᠎ᠠ ᠦᠭᠡᠢ ᠪᠠᠶᠢᠭ᠎ᠠ ᠪᠠᠶᠢᠳᠠᠯ ᠳᠤ᠂ ᠬᠤᠲᠠ ᠶᠢᠨ ᠡᠳ᠋ ᠤᠨ ᠵᠠᠰᠠᠭ ᠠᠴᠠ ᠨᠡᠶᠢᠭᠡᠮ ᠤᠨ ᠲᠤᠮᠳᠠᠴᠢ ᠴᠠᠯᠢᠩ ᠠᠴᠠ ᠳᠣᠣᠷ᠎ᠠ ᠪᠠᠶᠢᠬᠤ ᠬᠡᠰᠡᠭ᠂ ᠨᠡᠶᠢᠭᠡᠮ ᠤᠨ ᠳᠠᠭᠠᠳᠬᠠᠯ ᠬᠢᠭᠡᠳ ᠨᠡᠶᠢᠲᠡ ᠶᠢᠨ ᠤᠷᠤᠨ ᠰᠠᠭᠤᠴᠠ ᠶᠢᠨ ᠬᠤᠷᠠᠮᠳᠤᠭᠤᠯᠭ᠎ᠠ ᠶᠢᠨ ᠮᠥᠩᠭᠦ ᠶᠢ ᠡᠳ᠋ ᠤᠨ ᠵᠠᠰᠠᠭ ᠤᠨ ᠨᠥᠬᠦᠪᠥᠷᠢ ᠲᠤ ᠣᠷᠣᠭᠤᠯᠬᠤ ᠶᠢᠨ ᠬᠠᠮᠲᠤ  ᠠᠵᠢᠯᠳᠠᠨ ᠤ ᠴᠠᠯᠢᠩ ᠤᠨ ᠨᠡᠮᠡᠭᠳᠡᠯ ᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠠᠵᠢᠯᠲᠠᠨ ᠤ ᠬᠠᠤᠯᠢ ᠶᠣᠰᠣᠨ ᠤ ᠡᠷᠬᠡ ᠠᠰᠢᠭ ᠢ  ᠦᠨᠡᠨ ᠬᠦ ᠪᠠᠲᠤᠯᠠᠬᠤ ᠬᠡᠷᠡᠭᠲᠡᠢ᠃    ︵ᠳᠣᠯᠤᠭ᠎ᠠ︶ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ    ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ ᠬᠢᠨᠠᠨ ᠰᠢᠯᠭᠠᠬᠤ ᠬᠦᠢᠴᠡᠳᠭᠡᠯ ᠲᠤᠭ᠎ᠠ ᠶᠢᠨ ᠰᠢᠰᠲ᠋ᠧᠮᠵᠢ ᠪᠣᠯᠤᠨ ᠠᠷᠭ᠎ᠠ ᠶᠢ ᠲᠣᠭᠲᠠᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠠᠵᠢᠯ ᠤᠨ ᠡᠭᠦᠷᠭᠡ ᠶᠢᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠡ ᠶᠢᠨ ᠡᠭᠦᠷᠭᠡᠯᠡᠯ ᠢ ᠬᠢᠨᠠᠨ ᠰᠢᠯᠭᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠡᠯ᠎ᠡ  ᠭᠡᠰᠢᠭᠦᠨ ᠨᠢᠭᠡᠴᠡ  ᠶᠢᠨ ᠣᠨ ᠤ ᠬᠢᠨᠠᠨ ᠰᠢᠯᠭᠠᠭᠰᠠᠨ ᠦᠷ᠎ᠡ ᠳ᠋ᠦᠩ ᠳᠤ ᠤᠷᠤᠭᠤᠯᠤᠨ᠎ᠠ᠃    ᠲᠣᠰ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠦᠯᠲᠡᠶ ᠳ᠋ᠤᠭᠠᠷᠯᠠᠯ ᠨᠢ᠄ Z G — 2019 — 21  ᠳ᠋ᠤᠭᠡᠷ ᠲᠣᠭᠠᠲᠤ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号