ᠬᠦᠬᠡᠬᠤᠲᠠ ᠵᠠᠰᠠᠭ ᠲᠠᠷᠬᠠᠭᠠᠭᠰᠠᠨ ﹇2019﹈ 39 ᠳ᠋ᠤᠭᠡᠷ ᠲᠤᠭᠠᠲᠤ | 2019 ᠣᠨ ᠤ 11 ᠳ᠋ᠤᠭᠡᠷ ᠰᠠᠷ᠎ᠠ ᠶᠢᠨ 30 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠵᠠᠰᠠᠭ ᠤᠨ ᠤᠷᠳᠤᠨ᠂ ᠠᠵᠤ ᠠᠬᠤᠢ ᠶᠢᠨ ᠨᠠᠭᠡᠭᠡᠯᠲᠠ ᠶᠢᠨ | ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠄ | ᠮᠠᠨ ᠤ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠭᠡ ᠠᠯᠬᠤᠮ | ᠲᠦᠯᠬᠢᠨᠠᠬᠢᠭᠤᠯᠵᠤ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠵᠤ᠂ ᠲᠠᠷᠢᠶᠠᠯᠭᠩ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠥᠯᠢ︾ ᠪᠠ ︽ᠪᠦᠭᠦᠳᠡ ᠨᠠᠶᠢᠷᠠᠮᠳᠠᠬᠤ | ᠳᠤᠮᠳᠠᠲᠤ ᠠᠷᠠᠳ ᠤᠯᠤᠰ ᠤᠨ ᠲᠠᠷᠢᠶᠠᠯᠭᠩ ᠤᠨ ᠬᠠᠦᠯᠢ︾ ᠵᠡᠷᠭᠡ ᠬᠠᠦᠯᠢ ᠲᠤᠭᠲᠠᠭᠠᠯ ᠶᠢ ᠦᠨᠳᠦᠰᠦᠯᠡᠨ᠂ ᠲᠤᠰ | ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠤᠷᠠᠬᠢ ᠮᠡᠲᠦ ᠲᠤᠭᠲᠠᠭᠠᠯ ᠭᠠᠷᠭᠠᠪᠠ᠄ | ᠨᠢᠭᠡ᠂ ᠬᠠᠷᠢᠶᠠᠳᠤ ᠤᠷᠤᠨ ᠤ ᠬᠠᠮᠢᠶᠠᠷᠤᠯᠲᠠ ᠶᠢᠨ ᠵᠠᠷᠴᠢᠮ ᠶᠤᠰᠤᠭᠠᠷ᠂ ᠡᠯ᠎ᠡ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ | ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ | ᠵᠠᠰᠠᠭ ᠵᠠᠬᠢᠷᠭᠠᠨ ᠤ ᠤᠷᠤᠨ ᠤ ᠪᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ | ᠰᠢᠲᠠᠭᠠᠬᠤ ᠶᠢ ᠴᠠᠭᠠᠵᠠᠯᠠᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ | ᠂ ᠬᠠᠷᠠᠯᠳᠠᠯᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠳᠦᠷᠢᠮ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ | ᠠᠵᠢᠯ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠎ᠠ᠂ ᠬᠠᠤᠯᠢ ᠴᠠᠭᠠᠵᠠ᠂ ᠠᠵᠤ | ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠠᠵᠢᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠶᠠᠷ᠂ ᠬᠤᠲᠠ᠂ ᠰᠢᠶᠠᠨ ︵ᠬᠤᠰᠢᠭᠤ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠦᠴᠢᠷ ᠠᠴᠠ ᠲᠣᠯᠤᠭᠠᠶᠢᠯᠠᠵᠤ᠂ ᠠᠮᠢ ᠠᠬᠤᠢ ᠣᠷᠴᠢᠨ ᠲᠣᠭᠤᠷᠢᠨ᠂ | ᠬᠦᠭᠵᠢᠬᠦᠯᠦᠯᠲᠡ ᠪᠠ ᠦᠭᠡᠷᠡᠴᠢᠯᠡᠯᠳᠡ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ | ᠪᠠᠶᠠᠯᠢᠭ ᠵᠡᠷᠭᠡ ᠰᠠᠯᠠᠭ᠎ᠠ ᠮᠦᠴᠢᠷ ᠤᠷᠤᠯᠴᠠᠭᠰᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠤᠷᠳᠤ | ᠬᠤᠭᠤᠴᠠᠭᠠᠨ ᠤ ᠪᠦᠳᠦᠮᠵᠢᠳᠡᠢ ᠵᠤᠬᠢᠴᠠᠭᠤᠯᠬᠤ ᠠᠵᠢᠯ ᠤᠨ ᠲᠤᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠤᠭᠠᠷ᠂ ᠨᠢᠭᠡᠳᠦᠯᠲᠡᠢ ᠲᠥᠯᠥᠪᠯᠡᠨ | ᠵᠤᠬᠢᠴᠠᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠢ ᠬᠠᠮᠳᠤ ᠪᠠᠷ ᠰᠠᠶᠢᠳᠤᠷ ᠬᠢᠨ᠎ᠡ᠃ | ᠭᠤᠷᠪᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠶᠢᠨ ᠲᠦᠯᠦᠭᠡ᠂ ᠬᠤᠲᠠ᠂ ᠰᠢᠶᠠᠨ ︵ | ᠬᠤᠰᠢᠭᠤ ᠂ ᠲᠤᠭᠤᠷᠢᠭ︶ ᠬᠤᠶᠠᠷ ᠱᠠᠳᠤᠨ ᠤ ᠵᠠᠰᠠᠭ ᠤᠨ ᠤᠷᠳᠤᠨ ᠲᠤᠰᠬᠠᠢ ᠪᠡᠯᠡ ᠮᠦᠩᠭᠦ ᠤᠷᠤᠭᠤᠯᠵᠤ᠂ | ᠡᠰᠢ ᠰᠦᠷᠡᠯ ᠢ ᠬᠤᠷᠢᠶᠠᠨ ᠠᠪᠴᠤ ᠠᠰᠢᠭᠯᠠᠭᠰᠠᠨ ᠡᠵᠡᠩᠨᠡᠯᠲᠡ ᠶᠢᠨ ᠭᠤᠤᠯ ᠴᠤᠭᠴᠠ ᠳᠤ ᠨᠦᠬᠦᠪᠦᠷᠢ ᠣᠯᠭᠤᠨ᠎ᠠ᠃ | ᠮᠦ ᠪᠦᠷᠢ ᠳᠤ 20 ᠲᠦᠭᠦᠷᠢᠭ ᠤᠨ ᠨᠦᠬᠦᠪᠦᠷᠢ ᠶᠢᠨ ᠪᠠᠷᠢᠮᠵᠢᠶ᠎ᠠ ᠪᠠᠷ ᠪᠦᠬᠦ ᠬᠤᠲᠠ ᠶᠢᠨ ᠡᠷᠳᠡᠨᠢ ᠰᠢᠰᠢ ᠵᠢᠴᠢ | ᠨᠠᠷᠠᠨ ᠬᠤᠸᠠᠷ ᠤᠨ ᠡᠰᠢ ᠰᠦᠷᠡᠯ ᠢ ᠬᠤᠷᠢᠶᠠᠨ ᠠᠪᠴᠤ ᠠᠰᠢᠭᠯᠠᠭᠰᠠᠨ ᠳᠤ ᠪᠦᠭᠦᠳᠡ ᠳᠤ ᠨᠢ ᠨᠦᠬᠦᠪᠦᠷᠢ | ᠣᠯᠭᠤᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠨᠦᠬᠦᠪᠦᠷᠢ ᠶᠢᠨ ᠲᠦᠰᠦᠯ | ᠲᠤᠭᠲᠠᠭᠠᠬᠤ ᠶᠢᠨ ᠬᠠᠮᠳᠤ ᠪᠤᠳᠠᠳᠠᠢ ᠬᠡᠷᠡᠭᠵᠢᠭᠦᠯᠬᠦ ᠶᠢ ᠬᠠᠷᠢᠭᠤᠴᠠᠨ᠎ᠠ᠃ | ᠳᠦᠷᠪᠡ᠂ ᠨᠦᠬᠦᠪᠦᠷᠢ ᠶᠢᠨ ᠪᠡᠯᠡ ᠮᠦᠩᠬᠦ ᠶᠢ ᠬᠤᠲᠠ᠂ ᠰᠢᠶᠠᠨ ︵ᠬᠤᠰᠢᠭᠤ᠂ ᠲᠤᠭᠤᠷᠢᠭ︶ ᠤ ᠬᠤᠶᠠᠷ | ᠱᠠᠳᠤᠨ ᠤ ᠡᠳ᠋ ᠤᠨ ᠵᠠᠰᠠᠭ ᠠᠴᠠ1᠄1 ᠶᠢᠨ ᠬᠠᠷᠢᠴᠠᠯ ᠢᠶᠠᠷ ᠬᠠᠮᠳᠤ ᠪᠠᠷ ᠬᠠᠷᠢᠭᠤᠴᠠᠨ᠎ᠠ᠃ ᠬᠤᠰᠢᠭᠤ ᠰᠢᠶᠠᠨ | ᠲᠤᠭᠤᠷᠢᠭ ᠤᠨ ᠪᠡᠯᠡ ᠮᠦᠩᠭᠦ ᠨᠠᠶᠢᠳᠠᠪᠤᠷᠢᠵᠢᠭᠰᠠᠨ ᠤ ᠲᠠᠷᠠᠭ᠎ᠠ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠠᠴᠠ | ᠦᠯᠡᠳᠡᠭᠰᠡᠨ ᠬᠠᠷᠢᠭᠤᠴᠠᠬᠤ ᠪᠡᠯᠡ ᠮᠦᠩᠭᠦ ᠶᠢ ᠰᠠᠯᠭᠠᠨ ᠦᠭᠭᠦᠨ᠎ᠡ᠃ ᠵᠢᠯ ᠪᠣᠯᠭᠠᠨ ᠤ ᠰᠡᠭᠦᠯᠴᠢ ᠪᠤᠯᠤᠨ ᠳᠠᠷᠠᠭ᠎ᠠ | ᠵᠢᠯ ᠤᠨ ᠬᠢᠨᠢ ᠬᠠᠪᠤᠷ ᠤᠨ ᠲᠠᠷᠢᠶᠠᠯᠠᠬᠤ ᠠᠴᠠ ᠡᠮᠦᠨ᠎ᠡ ᠬᠤᠶᠠᠷ ᠤᠳᠠᠭ᠎ᠠ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ ᠠᠴᠠ ᠵᠣᠬᠢᠶᠠᠨ ᠪᠠᠶᠢᠭᠤᠯᠤᠨ ᠰᠢᠯᠭᠠᠨ ᠬᠤᠷᠢᠶᠠᠵᠤ᠂ ᠪᠣᠳᠠᠳᠠᠢ ᠬᠤᠷᠢᠶᠠᠨ ᠠᠪᠴᠤ | ᠠᠰᠢᠭᠯᠠᠭᠰᠠᠨ ᠲᠡᠯᠡᠪᠡᠢ ᠶᠢ ᠬᠢᠨᠡᠨ ᠬᠠᠷᠭᠤᠭᠤᠯᠵᠤ᠂ ᠰᠢᠯᠭᠠᠨ ᠬᠤᠷᠢᠶᠠᠭᠰᠠᠨᠦᠷᠡ ᠳ᠋ᠦᠩ ᠢ ᠵᠠᠷᠯᠠᠨ ᠨᠡᠶᠢᠳᠡᠯᠡᠭᠡᠳ | ᠰᠠᠨᠠᠯ ᠦᠭᠡᠢ ᠪᠣᠯᠣᠭᠰᠠᠨ ᠤ ᠲᠠᠷᠠᠭ᠎ᠠ᠂ ᠲᠣᠭᠲᠠᠭᠠᠭᠰᠠᠨᠡᠰᠢ ᠰᠦᠷᠡᠯ ᠬᠤᠷᠢᠶᠠᠨ ᠠᠪᠴᠤ ᠠᠰᠢᠭᠯᠠᠭᠰᠠᠨ ᠨᠦᠬᠦᠪᠦᠷᠢ | ᠶᠢᠨ ᠮᠦᠩᠬᠦ ᠵᠢᠴᠢ ᠬᠤᠪᠢᠶᠠᠷᠢᠯᠠᠬᠤ ᠰᠠᠨᠠᠯ ᠢ ᠬᠤᠲᠠ ᠶᠢᠨ ᠵᠠᠰᠠᠭ ᠤᠨ ᠤᠷᠳᠤᠨ ᠳᠤ ᠮᠡᠳᠡᠭᠦᠯᠦᠨ | ᠵᠦᠪᠰᠢᠶᠡᠷᠡᠭᠦᠯᠵᠦ᠂ ᠬᠤᠲᠠ ᠶᠢᠨ ᠵᠠᠰᠠᠭ ᠤᠨ ᠣᠷᠳᠤᠨ ᠵᠦᠪᠰᠢᠶᠡᠷᠡᠭᠰᠡᠨ ᠤ ᠲᠠᠷᠠᠭ᠎ᠠ᠂ ᠬᠤᠲᠠ ᠶᠢᠨ ᠡᠳ᠋ ᠤᠨ | ᠵᠠᠰᠠᠭ ᠤᠨ ᠲᠤᠪᠴᠢᠶ᠎ᠠ ᠲᠥᠰᠥᠪ ᠤᠨ ᠳᠡᠰ ᠣᠳᠠᠭ᠎ᠠ ᠪᠠᠷ ᠨᠦᠬᠦᠪᠦᠷᠢ ᠶᠢᠨ ᠮᠦᠩᠬᠦ ᠶᠢ ᠱᠠᠳᠤ ᠲᠠᠷᠠᠭᠠᠯᠠᠨ | ᠬᠤᠰᠢᠭᠤ ᠰᠢᠶᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠪᠠᠭᠤᠯᠭᠠᠨ᠎ᠠ᠃ | ᠲᠠᠪᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠲᠦᠭᠡᠮᠡᠯᠵᠢᠬᠦᠯᠬᠦ ᠬᠦᠴᠦᠯᠡᠴᠡ ᠪᠠᠨ | ᠴᠢᠩᠭᠠᠷᠠᠭᠤᠯᠵᠤ᠂ ᠰᠢᠷ᠎ᠠ ᠲᠠᠷᠤᠰᠢᠭᠤᠯᠬᠤ᠂ ᠬᠡᠰᠡᠭᠯᠡᠨ ᠲᠠᠷᠤᠰᠢᠭᠤᠯᠬᠤ ᠂ ᠬᠦᠭᠡᠯᠭᠡᠬᠦ᠂ ᠮᠢᠨᠳᠠᠰᠤᠯᠠᠬᠤ ᠵᠡᠷᠭᠡ ᠡᠰᠢ | ᠰᠦᠷᠡᠯ ᠤᠨ ᠪᠤᠷᠳᠤᠭ᠎ᠠ ᠶᠢᠨ ᠮᠡᠷᠭᠡᠵᠢᠯ ᠢ ᠳᠡᠯᠭᠡᠷᠡᠭᠦᠯᠵᠦ᠂ ᠭᠠᠵᠠᠷ ᠤᠷᠤᠨ ᠤ ᠬᠢᠨᠢ ᠪᠤᠳᠠᠳᠤ ᠪᠠᠶᠢᠳᠠᠯ ᠢ | ᠦᠨᠳᠦᠰᠦᠯᠡᠵᠦ ᠡᠰᠢ ᠰᠦᠷᠡᠯ ᠢ ᠬᠡᠮᠬᠡᠯᠡᠨ ᠲᠠᠷᠢᠶᠠᠨ ᠭᠠᠵᠠᠷ ᠲᠤ ᠪᠣᠴᠠᠭᠠᠨ ᠣᠷᠤᠭᠤᠯᠬᠤ᠂ ᠡᠰᠢ ᠰᠦᠷᠡᠯ ᠢ | ᠣᠪᠤᠭᠠᠯᠠᠵᠤ ᠢᠯᠵᠢᠷᠡᠭᠦᠯᠦᠭᠡᠳ ᠲᠠᠷᠢᠶᠠᠨ ᠭᠠᠵᠠᠷ ᠲᠤ ᠪᠤᠴᠠᠭᠠᠨ ᠤᠷᠤᠭᠤᠯᠬᠤ᠂ ᠡᠰᠢ ᠰᠦᠷᠡᠯ ᠢᠶᠠᠷ ᠲᠦᠭᠦᠬᠡᠢ ᠡᠳ᠋ | ᠪᠣᠯᠭᠠᠭᠰᠠᠨ ᠤᠷᠭᠠᠨᠢᠭ ᠪᠤᠷᠳᠤᠭᠤᠷ ᠦᠢᠯᠡᠳᠪᠦᠷᠢᠯᠡᠵᠦ ᠪᠣᠯᠪᠠᠰᠤᠷᠠᠭᠤᠯᠬᠤ ᠶᠢ ᠲᠡᠮᠵᠢᠨ᠎ᠡ᠃ ᠬᠦᠳᠡᠭᠡ ᠲᠤᠰᠬᠤᠨ ᠤ | ᠡᠨᠧᠷᠬᠢ ᠬᠡᠷᠡᠭᠯᠡᠬᠦ ᠪᠦᠳᠦᠴᠡ ᠶᠢ ᠰᠠᠶᠢᠵᠢᠷᠠᠭᠤᠯᠤᠨ᠂ ᠪᠢᠤᠮᠠᠰ ᠵᠤᠤᠬ᠎ᠠ ᠪᠠ ᠡᠰᠢ ᠰᠦᠷᠡᠯ ᠢᠶᠠᠷ ᠲᠦᠭᠦᠬᠡᠢ ᠡᠳ᠋ | ᠪᠣᠯᠭᠠᠭᠰᠠᠨ ᠴᠡᠪᠡᠷ ᠲᠦᠯᠡᠰᠢ ᠶᠢ ᠳᠡᠯᠭᠡᠷᠡᠭᠦᠯᠦᠨ᠎ᠡ᠃ ᠡᠰᠢ ᠰᠦᠷᠡᠯ ᠢᠶᠠᠷ ᠲᠦᠭᠦᠬᠡᠢ ᠡᠳ᠋ ᠪᠣᠯᠭᠠᠬᠤ᠂ ᠰᠠᠭᠤᠷᠢ | ᠮᠠᠲ᠋ᠧᠷᠢᠶᠠᠯ ᠪᠣᠯᠭᠠᠬᠤ ᠵᠡᠷᠭᠡ ᠤᠯᠠᠨ ᠡᠰᠢᠵᠢᠭᠦᠯᠦᠨ ᠠᠰᠢᠭᠯᠠᠬᠤ ᠠᠷᠭ᠎ᠠ ᠵᠠᠮ ᠢ ᠢᠳᠡᠪᠬᠢᠲᠡᠢ ᠥᠷᠭᠡᠳᠭᠡᠵᠦ᠂ | ᠪᠦᠬᠦ ᠬᠤᠲᠠ ᠶᠢ ᠪᠦᠷᠬᠦᠭᠰᠡᠨ ᠡᠰᠢ ᠰᠦᠷᠡᠯ ᠢ ᠬᠤᠷᠢᠶᠠᠨ ᠨᠥᠭᠡᠴᠡᠯᠡᠵᠦ ᠠᠰᠢᠭᠯᠠᠬᠤ ᠰᠢᠰᠲ᠋ᠧᠮᠵᠢ ᠶᠢ ᠢᠳᠡᠭ | ᠢᠳᠡᠭ ᠢᠶᠠᠷ ᠪᠠᠶᠢᠭᠤᠯᠤᠨ᠎ᠠ᠃ | ᠵᠢᠷᠭᠤᠭ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠬᠤᠲᠠ ᠶᠢᠨ ᠳᠡᠰ ᠤᠨ ᠭᠤᠣᠯᠳᠠᠯᠭᠠᠳᠤ | ᠰᠢᠨᠵᠢᠯᠡᠬᠦ ᠤᠬᠠᠭᠠᠨ ᠤ ᠰᠣᠳᠤᠯᠭᠠᠨ ᠵᠢᠴᠢ ᠮᠡᠷᠭᠡᠵᠢᠯ ᠤᠨ ᠬᠡᠷᠡᠭᠯᠡᠭᠡᠨ ᠤ ᠲᠦᠷᠦᠯ ᠵᠦᠢᠯ ᠪᠣᠯᠭᠠᠵᠤ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠨᠢᠭᠡᠴᠡ ᠪᠠ ᠠᠵᠤ ᠠᠬᠤᠶᠢᠯᠠᠯ ᠤᠨ ᠲᠠᠷᠢᠮᠡᠯ ᠤᠨ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠪᠠ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ | ᠲᠡᠮᠵᠢᠵᠦ᠂ ᠤᠯᠤᠰ ᠤᠨ ᠳᠤᠲᠤᠭᠠᠳᠤ ᠭᠠᠳᠠᠭᠠᠳᠤ ᠶᠢᠨ ᠪᠤᠯᠪᠠᠰᠤᠷᠠᠩᠭᠤᠢ ᠲᠣᠬᠢᠷᠠᠮᠵᠢᠳᠠᠢ ᠮᠡᠷᠭᠡᠵᠢᠯ ᠢ | ᠤᠯᠠᠷᠢᠭᠤᠯᠤᠨ ᠬᠡᠷᠡᠭᠯᠡᠬᠦ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠰᠠᠭᠤᠷᠢᠨ | ᠭᠠᠵᠠᠷ ᠢ ᠪᠠᠶᠢᠭᠤᠯᠤᠨ᠂ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠠᠷᠢᠮᠡᠯ ᠤᠨ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠤᠯᠤᠭ᠎ᠠ᠂ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ᠂ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠦᠴᠢᠷ᠂ ᠡᠯ᠎ᠡ ᠬᠤᠰᠢᠭᠤ ᠰᠢᠶᠠᠨ ᠲᠤᠭᠤᠷᠢᠭ ᠬᠠᠮᠲᠤ ᠪᠠᠷ ᠡᠰᠢ ᠰᠦᠷᠡᠯ ᠢ ᠵᠠᠳᠠᠭᠠᠢ ᠰᠢᠳᠠᠭᠠᠬᠤ ᠶᠢ | ᠬᠢᠨᠠᠨ ᠬᠠᠮᠢᠶᠠᠷᠠᠬᠤ ᠡᠭᠦᠷᠭᠡ ᠶᠢ ᠬᠠᠷᠢᠭᠤᠴᠠᠨ᠎ᠠ᠃ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠲᠤᠳᠤᠷ᠎ᠠ | ᠪᠦᠬᠦ ᠵᠢᠯ ᠪᠠᠷ ᠪᠦᠬᠦ ᠬᠡᠪᠴᠢᠶᠡᠨ ᠳᠤ ᠶᠠᠮᠠᠷᠪᠠ ᠨᠢᠭᠡᠴᠡ ᠪᠠ ᠬᠤᠪᠢ ᠬᠦᠮᠦᠨ ᠡᠰᠢ ᠰᠦᠷᠡᠯ ᠢ ᠵᠠᠳᠠᠭᠠᠢ | ᠰᠢᠳᠠᠭᠠᠬᠤ ᠶᠢ ᠴᠠᠭᠠᠵᠠᠯᠠᠵᠤ᠂ ᠳᠦᠷᠢᠮ ᠠᠴᠠ ᠵᠦᠷᠢᠴᠡᠵᠦ ᠡᠰᠢ ᠰᠦᠷᠡᠯ ᠰᠢᠳᠠᠭᠠᠭᠰᠠᠨ ᠨᠢᠭᠡᠴᠡ᠂ ᠬᠤᠪᠢ | ᠬᠦᠮᠦᠨ ᠠᠴᠠ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ᠂ ᠳᠤᠲᠤᠭᠠᠳᠤ ᠶᠢ ᠬᠠᠮᠠᠭᠠᠯᠠᠬᠤ ᠰᠠᠯᠠᠭ᠎ᠠ | ᠮᠦᠴᠢᠷ᠂ ᠡᠯ᠎ᠡ ᠬᠤᠰᠢᠭᠤ ᠰᠢᠶᠠᠨ ᠲᠤᠭᠤᠷᠢᠭ ︽ᠬᠦᠬᠡᠬᠤᠲᠠ ᠶᠢᠨ ᠡᠰᠢ ᠰᠦᠷᠡᠯ ᠢ ᠵᠠᠳᠠᠭᠠᠢ ᠰᠢᠲᠠᠭᠠᠬᠤ ᠶᠢ | ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠬᠦᠬᠡᠬᠤᠲᠠ | ᠵᠠᠰᠠᠭ ᠲᠠᠷᠬᠠᠭᠠᠭᠰᠠᠨ ︵2019︶13 ᠳ᠋ᠤᠭᠠᠷ ᠲᠤᠭᠠᠳᠤ︶ ᠶᠢ ᠦᠨᠳᠦᠰᠦᠯᠡᠵᠦ ᠬᠠᠷᠢᠭᠤᠴᠠᠯᠭ᠎ᠠ ᠨᠡᠭᠡᠮᠵᠢᠯᠡᠨ᠎ᠡ᠃ | | ᠨᠠᠢᠮᠠ᠂ ᠡᠰᠢ ᠰᠦᠷᠡᠯ ᠢ ᠵᠠᠳᠠᠭᠠᠢ ᠰᠢᠳᠠᠭᠠᠵᠤ ᠤᠳᠤᠭ᠎ᠠ ᠲᠤᠭᠤᠰᠤ ᠶᠢᠨ ᠪᠤᠬᠢᠷᠳᠤᠭᠤᠯᠬᠤ ᠪᠤᠳᠠᠰ | ᠡᠭᠦᠰᠭᠡᠭᠰᠡᠨ ᠢ ︽ᠪᠦᠭᠦᠳᠡ ᠨᠠᠶᠢᠷᠠᠮᠳᠠᠬᠤ ᠳᠤᠮᠲᠠᠳᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ | ᠰᠡᠷᠭᠡᠶᠢᠯᠡᠨ ᠵᠠᠰᠠᠬᠤ ᠬᠠᠦᠯᠢ︾ ᠶᠢᠨ ᠨᠢᠭᠡ ᠵᠠᠭᠤ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠢ | ᠦᠨᠳᠦᠰᠦᠯᠡᠵᠦ᠂ ᠠᠮᠢ ᠠᠬᠤᠢ ᠤᠷᠴᠢᠨ ᠲᠤᠭᠤᠷᠢᠨ ᠤ ᠨᠢᠭᠡᠴᠡ ᠵᠠᠷᠯᠢᠭᠳᠠᠨ ᠵᠠᠰᠠᠭᠤᠯᠬᠤ ᠶᠢᠨ ᠬᠠᠮᠳᠤ ᠲᠠᠪᠤᠨ | ᠵᠠᠭᠤᠨ ᠲᠦᠭᠦᠷᠢᠭ ᠠᠴᠠ ᠳᠡᠭᠡᠭᠰᠢ ᠬᠤᠶᠠᠷ ᠮᠢᠩᠭᠠᠨ ᠲᠦᠭᠦᠷᠢᠭ ᠠᠴᠠ ᠳᠤᠷᠤᠭᠰᠢ ᠮᠦᠩᠭᠦ ᠪᠠᠷ ᠲᠤᠷᠭᠠᠵᠤ | ᠪᠤᠯᠤᠨ᠎ᠠ᠃ ᠶᠠᠯ᠎ᠠ ᠬᠢᠭᠰᠡᠨ ᠳᠤ ᠲᠤᠭᠠᠴᠠᠭᠳᠠᠪᠠᠯ ︽ᠪᠦᠭᠦᠳᠡ ᠨᠠᠶᠢᠷᠠᠮᠳᠠᠬᠤ ᠳᠤᠮᠲᠠᠳᠤ ᠠᠷᠠᠳ ᠤᠯᠤᠰ ᠤᠨ ᠠᠭᠠᠷ | ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠦᠯᠢ︾ ᠶᠢᠨ ᠨᠢᠭᠡ ᠵᠠᠭᠤ ᠬᠤᠷᠢᠨ ᠳᠤᠯᠤᠳᠤᠭᠠᠷ ᠵᠦᠢᠯ ᠤᠨ | ᠲᠤᠭᠳᠠᠭᠠᠯ ᠢ ᠦᠨᠳᠦᠰᠦᠯᠡᠨ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦ᠂ ᠬᠤᠰᠢᠭᠤ ᠰᠢᠶᠠᠨ ᠲᠤᠭᠤᠷᠢᠭ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠢᠴᠢ | ᠬᠠᠮᠢᠶ᠎ᠠ ᠪᠦᠬᠦᠢ ᠰᠠᠯᠠᠭ᠎ᠠ ᠮᠦᠴᠢᠷ ᠪᠠ ᠭᠠᠴᠠᠭ᠎ᠠ ᠲᠤᠰᠬᠤᠨ ᠤ ᠠᠷᠠᠳ ᠤᠨ ᠵᠦᠪᠯᠠᠯ ᠠᠴᠠ ᠤᠬᠠᠭᠤᠯᠭ᠎ᠠ | ᠬᠦᠮᠦᠵᠢᠯ ᠢ ᠴᠢᠩᠭᠠᠳᠬᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠵᠤᠷᠢᠭᠵᠢᠭᠤᠯᠵᠤ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠠᠵᠢᠯ ᠳᠤ | ᠢᠳᠡᠪᠬᠢᠲᠡᠢ ᠤᠷᠤᠯᠴᠠᠭᠤᠯᠤᠨ᠎ᠠ᠃ ᠡᠯ᠎ᠡ ᠱᠠᠳᠤᠨ ᠤ ᠮᠡᠳᠡᠭᠡ ᠵᠠᠭᠤᠴᠢᠯᠠᠭᠤᠷ ᠤᠨ ᠬᠢᠨ ᠨᠡᠶᠢᠲᠡ ᠶᠢᠨ ᠠᠰᠠᠷᠠᠮᠵᠢ | ᠶᠢᠨ ᠤᠬᠠᠭᠤᠯᠭ᠎ᠠ ᠶᠢ ᠴᠢᠩᠭᠠᠳᠬᠠᠵᠤ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠤᠭᠴᠠ ᠶᠢᠨ ᠰᠠᠨᠠᠭᠠᠴᠢᠯᠠᠭ᠎ᠠ | ᠠᠴᠠ ᠪᠠᠨ ᠤᠷᠤᠯᠴᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠳᠤ ᠢᠳᠡᠪᠬᠢᠲᠠᠢ ᠬᠠᠮᠵᠢᠯᠴᠠᠨ ᠡᠰᠢ | ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠲᠤᠭᠲᠠᠭᠠᠯ ᠢ ᠤᠬᠠᠮᠰᠠᠷ ᠠᠴᠠ ᠪᠠᠨ ᠰᠠᠬᠢᠬᠤ ᠶᠢ ᠨᠢ ᠬᠦᠳᠦᠯᠦᠨ | ᠵᠢᠯᠤᠭᠤᠳᠤᠨ᠎ᠠ᠃ | ᠠᠷᠪᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠦᠨᠳᠦᠰᠦᠨ ᠱᠠᠳᠤᠨ ᠤ ᠬᠠᠤᠯᠢ | ᠬᠡᠷᠡᠭᠵᠢᠬᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠢ ᠶᠢᠨ ᠴᠠᠭ ᠲᠤ ᠨᠢ ᠬᠢᠨᠠᠨ ᠬᠡᠮᠵᠢᠬᠦ | ᠪᠠ ᠲᠤᠬᠠᠢ ᠶᠢᠨ ᠲᠠᠯᠠᠪᠤᠷ ᠲᠤ ᠨᠢ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠨ᠎ᠠ᠃ ᠡᠰᠢ ᠰᠦᠷᠡᠯ ᠢ | ᠵᠠᠳᠠᠭᠠᠢ ᠰᠢᠳᠠᠭᠠᠬᠤ ᠶᠢ ᠴᠠᠭᠠᠵᠠᠯᠠᠬᠤ ᠡᠭᠦᠷᠭᠡ ᠶᠢ ᠲᠠᠷᠢᠶᠠᠨ ᠭᠠᠵᠠᠷ ᠬᠥᠷᠲᠡᠯ᠎ᠡ᠂ ᠬᠠᠷᠢᠭᠤᠴᠠᠯᠭ᠎ᠠ ᠶᠢ ᠬᠦᠮᠦᠨ ᠳᠤ | ᠬᠥᠷᠲᠡᠯ᠎ᠡ ᠨᠠᠷᠢᠯᠢᠭᠵᠢᠭᠤᠯᠤᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠲᠣᠣᠷᠵᠢᠭᠤᠯᠤᠨ | ᠬᠠᠮᠢᠶᠠᠷᠬᠤ ᠶᠢ ᠭᠡᠷᠡᠭᠵᠢᠬᠦᠯᠦᠨ᠎ᠡ᠃ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠢᠯᠴᠢᠯᠠᠨ | ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠦᠷᠢᠮ ᠢ | ᠪᠠᠶᠢᠭᠤᠯᠤᠨ᠂ ᠠᠷᠠᠳ ᠢᠷᠭᠡᠨ᠂ ᠬᠠᠥᠯᠢ ᠶᠢᠨ ᠡᠷᠭᠡᠳᠡᠨ ᠪᠠ ᠪᠤᠰᠤᠳ ᠵᠤᠬᠢᠶᠠᠨ ᠪᠠᠶᠢᠭᠤᠯᠤᠯᠲᠠ ᠶᠢᠨ ᠡᠰᠢ | ᠰᠦᠷᠡᠯ ᠢ ᠵᠠᠳᠠᠭᠠᠢ ᠰᠢᠳᠠᠭᠠᠭᠰᠠᠨ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠢᠯᠡᠴᠢᠯᠠᠨ ᠮᠡᠳᠡᠭᠦᠯᠬᠦ ᠶᠢ | ᠵᠤᠷᠢᠭᠵᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠢᠯᠡᠴᠢᠯᠡᠨ ᠮᠡᠳᠡᠭᠦᠯᠦᠭᠰᠡᠨ ᠬᠡᠷᠡᠭ ᠢ | ᠬᠦᠯᠢᠶᠡᠨ ᠠᠪᠤᠭᠰᠠᠨ ᠤ ᠳᠠᠷᠠᠭ᠎ᠠ ᠲᠤᠭᠳᠠᠭᠠᠯ ᠶᠤᠰᠤᠭᠠᠷ ᠬᠠᠤᠯᠢ ᠶᠤᠰᠤᠭᠠᠷ ᠴᠢᠩᠭ᠎ᠠ ᠰᠢᠢᠳᠪᠦᠷᠢᠯᠡᠨ᠎ᠡ᠃ | ᠠᠷᠪᠠᠨ ᠨᠢᠭᠡ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠳᠠᠭᠠᠬᠤ ᠶᠢ | ᠴᠠᠭᠠᠵᠠᠯᠠᠬᠤ ᠠᠵᠢᠯ ᠤᠨ ᠬᠢᠨᠠᠨ ᠰᠢᠯᠭᠠᠵᠤ ᠦᠨᠡᠯᠡᠬᠦ ᠲᠤᠭᠲᠠᠴᠠ ᠵᠢᠴᠢ ᠠᠵᠢᠯ ᠤᠨ ᠱᠠᠩᠨᠠᠵᠤ ᠲᠣᠷᠭᠠᠬᠤ ᠳᠦᠷᠢᠮ | ᠢ ᠪᠠᠶᠢᠭᠤᠯᠤᠨ ᠲᠡᠭᠦᠯᠳᠡᠷᠵᠢᠬᠦᠯᠵᠦ᠂ ᠵᠢᠯ ᠤᠨ ᠡᠴᠦᠰ ᠤᠨ ᠡᠯ᠎ᠡ ᠱᠠᠳᠤᠨ ᠤ ᠵᠠᠰᠠᠭ ᠤᠨ ᠤᠷᠳᠤᠨ ᠤ ᠰᠢᠯᠭᠠᠯᠲᠠ | ᠶᠢᠨ ᠴᠢᠬᠤᠯᠠ ᠠᠭᠤᠯᠭ᠎ᠠ ᠪᠤᠯᠭᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ | ᠰᠢᠳᠠᠭᠠᠬᠤ ᠶᠢ ᠴᠠᠭᠠᠵᠠᠯᠠᠬᠤ ᠠᠵᠢᠯ ᠤᠨ ᠳᠤᠮᠳᠠ ᠬᠢᠷᠢ ᠪᠦᠳᠦᠮᠵᠢ ᠰᠠᠶᠢᠨ ᠢ ᠨᠢ ᠬᠦᠬᠢᠭᠦᠯᠦᠨ ᠱᠠᠩᠨᠠᠵᠤ᠂ ᠠᠵᠢᠯ | ᠳᠠᠭᠠᠨ ᠰᠤᠯᠠ ᠵᠠᠳᠠᠭᠠᠢ ᠂ ᠡᠰᠢ ᠰᠦᠷᠡᠯ ᠢ ᠵᠠᠳᠠᠭᠠᠢ ᠰᠢᠳᠠᠭᠠᠭᠰᠠᠨ ᠠᠵᠢᠯᠯᠠᠭ᠎ᠠ ᠭᠠᠷᠤᠭᠰᠠᠨ ᠪᠦᠭᠡᠳ ᠦᠷ᠎ᠡ | ᠳ᠋ᠦᠩ ᠨᠢ ᠬᠦᠨᠳᠦ ᠨᠤᠴᠢᠳᠠᠢ ᠠᠴᠠ ᠨᠢ ᠬᠠᠷᠢᠭᠤᠴᠠᠯᠭ᠎ᠠ ᠨᠡᠬᠡᠮᠵᠢᠯᠡᠵᠦ ᠵᠠᠯᠬᠠᠭᠠᠨ ᠰᠢᠢᠳᠭᠡᠨ᠎ᠡ᠃ | ᠠᠷᠪᠠᠨ ᠬᠤᠶᠠᠷ᠂ ᠲᠤᠰ ᠲᠤᠭᠳᠠᠭᠠᠯ ᠢ ᠲᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |