ᠰᠢᠨ᠎ᠡ ᠬᠤᠲᠠ ᠲᠣᠭᠤᠷᠢᠭ ᠤᠨ ᠨᠣᠮ ᠤᠨ ᠰᠠᠩ ᠤᠨ ᠨᠡᠭᠦᠳᠡᠯ ᠦᠢᠯᠡᠴᠢᠯᠡᠭᠡ ᠬᠠᠷᠠᠭᠠᠴᠢᠨ ᠲᠣᠰᠬᠤᠨ ᠳᠤ ᠣᠷᠣᠪᠠ
ᠨᠡᠶᠢᠲᠡᠯᠡᠭᠰᠡᠨ ᠴᠠᠭ᠄
2020-01-15
     1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠨᠣᠮ ᠤᠨ ᠰᠠᠩ ᠤᠨ ᠨᠣᠮ ᠪᠢᠴᠢᠭ ᠤᠨ ᠨᠡᠭᠦᠳᠡᠯ ᠦᠢᠯᠡᠴᠢᠯᠡᠭᠡ ᠶᠢᠨ ᠮᠠᠰᠢᠨ ᠲᠡᠷᠭᠡ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠨᠢᠭᠡᠳᠦᠭᠡᠷ ᠹᠷᠣᠨᠲ︾ ᠤᠨ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠭᠤᠷᠪᠠ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠣᠷᠣᠵᠤ᠂ ᠠᠯᠢᠪᠠ ᠠᠵᠢᠯᠲᠠᠨ᠂ ᠪᠠᠷᠤᠭ 200 ᠭᠠᠷᠤᠶ ᠬᠠᠷᠠᠭᠠᠴᠢᠨ ᠲᠣᠰᠬᠤᠨ ᠤ ᠣᠯᠠᠨ ᠲᠦᠮᠡᠨ ᠳᠤ  ᠲᠤᠬᠠᠶ ᠶᠢᠨ ᠲᠠᠯᠠᠪᠤᠷ ᠲᠤ ᠵᠢᠭᠡᠯᠡᠨ ᠦᠵᠡᠬᠦ ᠦᠢᠯᠡᠴᠢᠯᠡᠭᠡ ᠬᠢᠵᠦ ᠦᠭᠪᠡ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠨᠣᠮ ᠤᠨ ᠰᠠᠩ ᠤᠨ ᠰᠣᠶᠣᠯ ᠤᠨ ᠰᠠᠶᠢᠨ ᠳᠤᠷᠠᠴᠤᠳ ᠪᠥᠬᠦ ᠠᠷᠠᠳ ᠢᠶᠠᠷ ᠢᠶᠠᠨ ᠨᠣᠮ ᠤᠩᠰᠢᠵᠤ ᠳᠡᠯᠭᠡᠷᠡᠭᠦᠯᠬᠦ ᠠᠵᠢᠯᠯᠠᠭ᠎ᠠ ᠦᠷᠨᠢᠭᠦᠯᠵᠦ᠂ ᠲᠤᠬᠠᠶ ᠶᠢᠨ ᠲᠠᠯᠠᠪᠠᠶ ᠶᠢᠨ ᠲᠣᠰᠬᠤᠨ ᠤ ᠠᠷᠠᠳ ᠢ ᠵᠢᠭᠠᠨ ᠵᠢᠯᠤᠭᠤᠳᠴᠤ ᠰᠢᠨ᠎ᠡ ᠬᠤᠲᠠ ᠲᠣᠭᠤᠷᠢᠭ ᠤᠨ ᠨᠣᠮ ᠤᠨ ᠰᠠᠩ ᠤᠨ ᠣᠯᠠᠨ ᠨᠡᠶᠢᠲᠡ ᠶᠢᠨ ᠲᠠᠪᠴᠠᠩ ᠢ ᠠᠩᠬᠠᠷᠴᠤ᠂ ᠨᠣᠮ ᠤᠨ ᠰᠠᠩ ᠤᠨ ᠲᠣᠭᠠᠴᠢᠯᠠᠭᠰᠠᠨ ᠤᠩᠰᠢᠯᠭ᠎ᠠ ᠶᠢᠨ  ᠦᠢᠯᠡᠴᠢᠯᠡᠭᠡ ᠶᠢᠨ ᠠᠭᠤᠯᠭ᠎ᠠ ᠪᠠ ᠬᠡᠷᠡᠭᠯᠡᠬᠦ ᠠᠷᠭ᠎ᠠ ᠶᠢ ᠤᠯᠠᠮ ᠨᠢᠭᠡ ᠠᠯᠬᠤᠮ ᠣᠶᠢᠯᠠᠭᠠᠬᠤ ᠶᠢᠨ ᠬᠠᠮᠲᠤ᠂ ᠲᠡᠳᠡᠨ ᠢ ᠵᠢᠭᠠᠨ ᠵᠢᠯᠣᠭᠤᠳᠴᠤ ᠪᠠᠶᠢᠭᠠᠳ ᠮᠠᠨ ᠤ ᠨᠣᠮ ᠤᠨ ᠰᠠᠩ ᠤᠨ ᠲᠤᠭᠠᠴᠢᠯᠠᠭᠰᠠᠨ ᠤᠩᠰᠢᠯᠭ᠎ᠠ ᠶᠢᠨ ᠲᠠᠪᠴᠠᠩ ᠢ ᠬᠡᠷᠡᠭᠯᠡᠨ᠂ ᠲᠠᠪᠴᠠᠩ ᠤᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ︔ ᠵᠠᠷᠢᠮ ᠲᠣᠰᠬᠤᠨ ᠤ ᠠᠷᠠᠳ ᠨᠣᠮ ᠪᠢᠴᠢᠭ ᠤᠨ ᠲᠡᠷᠭᠡᠨ ᠳᠡᠭᠡᠷ᠎ᠡ ᠲᠡᠳᠡᠨ ᠤ ᠳᠤᠷᠠᠲᠠᠶ ᠨᠣᠮ ᠪᠢᠴᠢᠭ ᠢᠶᠠᠨ ᠤᠷᠪᠠᠭᠤᠯᠤᠨ ᠦᠵᠡᠵᠦ᠂ ᠵᠠᠷᠢᠮ ᠲᠣᠰᠬᠤᠨ ᠤ ᠠᠷᠠᠳ ᠮᠠᠨ ᠤ ᠨᠣᠮ ᠪᠢᠴᠢᠭ ᠤᠨ ᠲᠡᠷᠭᠡ ᠶᠢ ᠲᠣᠭᠤᠷᠢᠨ ᠦᠵᠡᠵᠦ᠂ ᠰᠢᠨ᠎ᠡ ᠴᠠᠭ ᠦᠶ᠎ᠡ ᠶᠢᠨ ᠰᠢᠨ᠎ᠡ ᠳᠦᠷᠰᠦ ᠪᠠᠶᠢᠳᠠᠯ ᠢ ᠮᠠᠭᠲᠠᠨ ᠰᠠᠶᠢᠰᠢᠶᠠᠵᠤ᠂ ᠬᠥᠳᠡᠭᠡ ᠲᠣᠰᠬᠤᠨ ᠤ ᠰᠣᠶᠣᠯ ᠤᠨ ᠦᠢᠯᠡᠴᠢᠯᠡᠭᠡ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠃      ᠡᠨᠡ ᠤᠳᠠᠭᠠᠨ ᠤ ᠠᠵᠢᠯᠯᠠᠭ᠎ᠠ ᠨᠢ ᠴᠠᠭᠠᠨ ᠰᠠᠷ᠎ᠠ ᠬᠦᠷᠴᠦ ᠢᠷᠡᠬᠦ ᠳᠤ ᠪᠠᠶᠠᠷ ᠤᠨ ᠡᠳᠦᠷ ᠤᠨ ᠠᠭᠤᠷ  ᠠᠮᠢᠰᠬᠤᠯ ᠢ ᠨᠡᠮᠡᠭᠳᠡᠭᠦᠯᠬᠦ ᠶᠢᠨ ᠬᠠᠮᠲᠤ ᠲᠠᠷᠢᠶᠠᠴᠢᠳ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠰᠣᠶᠣᠯ ᠤᠨ ᠬᠡᠪ ᠴᠢᠨᠠᠷ ᠢᠶᠠᠨ ᠳᠡᠭᠡᠭᠰᠢᠯᠡᠭᠦᠯᠦᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠤ ᠰᠣᠶᠣᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠨ᠎ᠠ᠃  
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号