ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2020-01-16
     1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠴᠢᠩ ᠱᠠᠨ ᠲᠣᠭᠯᠠᠯᠲᠠ ᠶᠢᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃      ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ ᠪᠠᠶᠢᠭ᠎ᠠ ᠪᠦᠬᠦ ᠰᠢᠶᠠᠨ ᠤ ᠡᠯ᠎ᠡ ᠹᠷᠣᠨᠲ ᠤᠨ ᠲᠥᠯᠦᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠣᠷᠣᠯᠴᠠᠭᠰᠠᠨ ᠭᠡᠰᠢᠭᠦᠳ ᠴᠤᠭ ᠵᠢᠪᠬᠤᠭ᠎ᠠ ᠪᠠᠳᠠᠷᠠᠩᠭᠤᠶ ᠪᠠᠷ ᠣᠮᠤᠭ ᠲᠡᠭᠦᠯᠳᠡᠷ ᠢᠶᠠᠷ ᠬᠤᠷᠠᠯ ᠤᠨ ᠲᠠᠯᠠᠪᠠᠢ ᠳᠤ ᠠᠯᠬᠤᠨ ᠣᠷᠣᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠤᠭᠠᠷ ᠭᠦᠢᠴᠡᠳᠬᠡᠨ᠎ᠡ᠃      ᠲᠤᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 154 ᠬᠥᠮᠦᠨ ᠪᠣᠢ᠂ ᠪᠣᠳᠠᠲᠠᠶ ᠣᠷᠣᠯᠴᠠᠭᠰᠠᠨ ᠲᠥᠯᠦᠭᠡᠯᠡᠭᠴᠢ 138 ᠬᠥᠮᠦᠨ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠶᠢᠨ ᠲᠤᠭ᠎ᠠ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ  ᠨᠡᠶᠢᠴᠡᠪᠡ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠦᠴᠤᠸᠠᠨ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠶᠢᠨ ᠳᠠᠷᠤᠭ᠎ᠠ ᠭᠦᠩ ᠸᠧᠢ ᠴᠦᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠦ᠋ ᠸᠧᠨ ᠪᠢᠶᠤᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠱᠢ ᠰᠢᠩ ᠴᠢᠶᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠯᠠᠨ ᠭᠧᠨ᠂ ᠡᠤ ᠭᠦᠸᠧ ᠰᠢᠶᠦ᠋ᠩ᠂ ᠼᠤᠤ ᠰᠢᠤᠸᠠᠢ ᠵᠢᠶᠦ᠋ᠨ᠂ ᠯᠢ ᠯᠦ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠤ ᠸᠧᠨ ᠪᠢᠶᠤᠤ ᠬᠤᠷᠠᠯ ᠢ ᠡᠷᠬᠢᠯᠡᠪᠡ᠃      ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠵᠤ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠥᠩᠭᠡᠷᠡᠭᠰᠡᠨ 2019 ᠣᠨ ᠳᠤ ᠲᠡᠶᠢᠮᠦ ᠬᠢᠯᠪᠠᠷ ᠪᠢᠰᠢ᠂ ᠲᠡᠶᠢᠮᠦ ᠶᠡᠷᠦ ᠪᠤᠰᠤ ᠶᠢᠨ᠂ ᠲᠡᠶᠢᠮᠦ ᠬᠢᠯᠪᠠᠷ ᠪᠢᠰᠢ ᠪᠠᠶᠢᠪᠠ᠃ ᠨᠢᠭᠡ ᠵᠢᠯ ᠤᠨ ᠲᠤᠷᠰᠢ᠂ ᠰᠢᠶᠠᠨ ᠤ ᠠᠷᠠᠳ ᠤᠨ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠠᠲᠠᠭᠤ ᠪᠡᠷᠬᠡ ᠬᠦᠨᠳᠦ ᠨᠦᠰᠡᠷ ᠡᠭᠦᠷᠭᠡ ᠶᠢᠨ ᠡᠮᠦᠨ᠎ᠡ᠂ ᠤᠷᠢᠳ ᠡᠮᠦᠨ᠎ᠡ ᠪᠠᠶᠢᠭ᠎ᠠ ᠥᠬᠡᠶ ᠳᠠᠷᠤᠯᠲᠠ ᠶᠢ ᠳᠠᠭᠠᠭᠠᠵᠤ᠂ ᠪᠥᠬᠦ ᠰᠢᠶᠠᠨ ᠢᠶᠠᠨ ᠪᠦᠯᠬᠦᠮᠳᠡᠭᠦᠯᠦᠨ ᠳᠠᠭᠠᠭᠤᠯᠵᠤ ᠨᠢᠭᠡ ᠰᠡᠳᠬᠢᠯ ᠨᠢᠭᠡ ᠵᠣᠷᠢᠭ ᠢᠶᠠᠷ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ︽ᠠᠮᠢ ᠠᠬᠤᠶ ᠪᠠᠷ ᠰᠢᠶᠠᠨ ᠢ ᠪᠠᠶᠢᠭᠤᠯᠬᠤ᠂ ᠪᠣᠬᠢᠷᠲᠤᠯ ᠥᠬᠡᠶ ᠪᠠᠷ ᠰᠢᠶᠠᠨ ᠢ ᠬᠦᠴᠦᠷᠬᠡᠭᠵᠢᠭᠦᠯᠬᠦ︾ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠤᠯᠵᠤ᠂ ᠠᠵᠤ ᠠᠬᠤᠢ ᠶᠢᠨ ᠠᠵᠢᠯᠯᠠᠭᠠᠨ ᠡᠷᠡᠭᠦᠯ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠣᠯᠪᠠ ᠭᠡᠪᠡ᠃      ᠮᠡᠳᠡᠭᠦᠯᠦᠯᠲᠡ ᠳᠤ ᠴᠢᠬᠤᠯᠠᠴᠢᠯᠠᠭᠰᠠᠨ ᠨᠢ᠂ 2020 ᠣᠨ ᠪᠣᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠮᠥᠨ ᠴᠦ ᠮᠠᠨ ᠤ ᠰᠢᠶᠠᠨ ᠪᠣᠯᠤᠨ ᠪᠥᠬᠦ ᠬᠤᠲᠠ ᠶᠢᠨ ᠠᠷᠠᠳ ᠲᠦᠮᠡᠨ ᠴᠢᠨᠡᠭᠡᠯᠢᠭ ᠨᠡᠶᠢᠭᠡᠮ ᠳᠤ ᠢᠵᠢᠯ ᠠᠯᠬᠤᠮ ᠢᠶᠠᠷ ᠠᠯᠬᠤᠨ ᠣᠷᠣᠬᠤ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠣᠶ ᠪᠤᠯᠭᠠᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠪᠣᠬᠢᠷᠲᠤᠯ ᠦᠭᠡᠶ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠠᠩᠬᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠳᠬᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠨᠡᠮᠡᠭᠳᠡᠯ ᠢ ᠲᠣᠭᠲᠠᠪᠤᠷᠢᠵᠢᠭᠤᠯᠬᠤ ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠬᠤᠶᠠᠷ ᠬᠠᠯᠬᠠᠪᠴᠢ︾ ᠶᠢᠨ ᠪᠥᠲᠥᠭᠡᠨ ᠪᠠᠶᠢᠭᠤᠯᠤᠭᠴᠢ᠂ ︽ᠬᠤᠶᠠᠷ ᠠᠭᠤᠯᠠ ᠶᠢᠨ ᠣᠨᠣᠯ︾ ᠤᠨ  ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ︽ᠠᠮᠢ ᠠᠬᠤᠶ ᠪᠠᠷ ᠰᠢᠶᠠᠨ ᠢ ᠪᠠᠶᠢᠭᠤᠯᠬᠤ᠂ ᠪᠣᠬᠢᠷᠲᠤᠯ ᠥᠬᠡᠶ ᠪᠠᠷ ᠰᠢᠶᠠᠨ ᠢ ᠬᠦᠴᠦᠷᠬᠡᠭᠵᠢᠭᠦᠯᠬᠦ︾ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠲᠥᠯᠥᠭᠡ ᠴᠥᠬᠦᠷᠡᠰᠢ ᠦᠭᠡᠢ  ᠲᠡᠮᠡᠴᠡᠬᠦ ᠬᠡᠷᠡᠭᠲᠡᠢ ᠭᠡᠪᠡ      2020 ᠣᠨ ᠤ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠲᠡᠭ ᠢ 5% ᠪᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8% ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 11% ᠪᠠᠷ ᠲᠥᠷᠭᠡᠰᠬᠡᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠴᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠦᠴᠦᠨ ᠵᠦᠢᠯ ᠢ ᠬᠠᠰᠤᠵᠤ ᠭᠠᠷᠭᠠᠪᠠᠯ ᠲᠦᠷᠦᠭᠦᠤ ᠵᠢᠯ ᠤᠨ ᠬᠢ ᠲᠠᠢ ᠠᠳᠠᠯᠢ ᠪᠤᠯᠭᠠᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 3% ᠪᠠᠷ‌ᠨᠡᠮᠡᠭᠳᠡᠭᠦᠯᠦᠨ᠎ᠡ︔ ᠬᠤᠲᠠ ᠪᠠᠯᠭᠠᠰᠤ ᠪᠣᠯᠤᠨ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠳᠣᠤᠷ᠎ᠠ ᠪᠠᠶᠢᠯᠭᠠᠵᠤ ᠪᠣᠯᠬᠤ ᠦᠭᠡᠢ ᠭᠡᠵᠤ ᠳᠤᠷᠠᠳᠪᠠ᠃      ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ 2020 ᠣᠨ ᠳᠤ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ᠂ ᠡᠷᠡᠰ ᠭᠤᠶᠢᠪᠢᠰᠢ ᠥᠬᠡᠶ ᠪᠠᠷ ᠬᠦᠴᠦᠨ ᠢᠶᠠᠨ ᠲᠥᠪᠯᠡᠷᠡᠭᠦᠯᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠠ᠃ ᠬᠤᠶᠠᠷ ᠲᠤ᠂ ᠪᠦᠲᠦᠴᠡ ᠶᠢ ᠥᠴᠦᠬᠡᠨ ᠴᠦ ᠭᠤᠶᠢᠪᠢᠰᠢ ᠦᠭᠡᠢ ᠪᠠᠷ ᠲᠣᠬᠢᠷᠠᠭᠤᠯᠵᠤ᠂ ᠲᠡᠰ ᠳᠡᠪᠰᠢᠬᠦ ᠶᠢ ᠠᠬᠢᠭᠤᠯᠵᠤ᠂ ᠠᠵᠤ ᠦᠢᠯᠡᠰ ᠤᠨ ᠰᠢᠰᠲ᠋ᠧᠮ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ ᠭᠤᠷᠪᠠ ᠳᠤ᠂ ᠪᠠᠶᠢᠳᠠᠯ ᠢ ᠠᠵᠢᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠶᠢ ᠡᠷᠢᠯᠬᠢᠯᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠦᠷᠪᠡ ᠳᠤ᠂ ᠲᠣᠭᠲᠠᠯ ᠬᠦᠴᠦᠨ ᠢᠶᠠᠨ ᠪᠠᠲᠤᠯᠠᠵᠤ ᠰᠠᠭᠤᠷᠢ ᠶᠢ ᠪᠠᠬᠢᠵᠢᠭᠦᠯᠵᠦ᠂ ᠰᠢᠪᠲᠤᠯᠤᠯᠲᠠ ᠶᠢ ᠡᠷᠢᠯᠬᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠲᠠᠪᠤ ᠳᠤ᠂ ᠰᠠᠭᠤᠷᠢ ᠪᠠᠷ ᠴᠢᠳᠠᠪᠬᠢ ᠶᠢ ᠴᠢᠩᠭᠠᠳᠬᠠᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠡᠭᠡ ᠪᠠᠶᠢᠷᠢᠰᠢᠯ ᠢ ᠦᠷᠭᠦᠯᠵᠢᠯᠡᠨ ᠴᠣᠭᠴᠠᠯᠠᠨ᠎ᠠ᠃ ᠵᠢᠷᠭᠤᠭ᠎ᠠ ᠳᠤ᠂ ᠠᠷᠠᠳ ᠢᠶᠠᠨ ᠬᠦᠴᠦᠷᠬᠡᠭᠵᠢᠭᠦᠯᠬᠦ ᠪᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠳᠣᠪᠤᠶᠢᠯᠭᠠᠨ᠂ ᠠᠷᠠᠳ ᠣᠯᠠᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠣᠯᠤᠭ᠎ᠠ ᠳᠤ᠂ ᠬᠡᠪ ᠴᠢᠨᠠᠷ ᠢ ᠪᠠᠲᠤᠳᠬᠠᠨ᠂ ᠬᠡᠪ ᠰᠤᠷᠲᠠᠯ ᠢ ᠬᠤᠪᠢᠷᠠᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃      ᠶᠡᠭᠡ ᠬᠤᠷᠠᠯ ᠠᠴᠠ ᠪᠠᠰᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠶᠤᠸᠠᠢ ᠬᠤᠩ ᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠵᠤ ᠬᠢᠭᠰᠡᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷᠡᠬᠢ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠠᠭᠤᠰᠤᠭᠰᠠᠨ ᠤ ᠳᠠᠷᠠᠭ᠎ᠠ᠂ ᠰᠢᠶᠠᠨ ᠤ ᠵᠠᠰᠠᠭ ᠤᠨ ᠣᠷᠳᠣᠨ ᠲᠥᠯᠥᠭᠡᠯᠡᠭᠴᠢᠳ ᠤᠨ ᠡᠯ᠎ᠡ ᠲᠥᠷᠥᠯ ᠤᠨ ᠰᠠᠨᠠᠭᠤᠯᠭ᠎ᠠ᠂ ᠰᠠᠨᠠᠯ ᠢ ᠨᠡᠶᠢᠲᠡ 22 ᠬᠤᠪᠢ ᠬᠦᠯᠢᠶᠡᠨ ᠠᠪᠴᠤ ᠰᠢᠢᠳᠪᠦᠷᠢᠯᠡᠪᠡ᠃ ᠡᠳᠡᠭᠡᠷ ᠰᠠᠨᠠᠭᠤᠯᠭ᠎ᠠ᠂ ᠰᠠᠨᠠᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠵᠢᠯᠣᠭᠤᠳᠬᠤ ᠴᠢᠨᠠᠷ ᠢᠶᠠᠷ ᠴᠢᠩᠭ᠎ᠠ ᠪᠠᠶᠢᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠥᠪᠯᠡᠷᠡᠩᠭᠦᠶ ᠲᠤᠰᠬᠠᠭᠰᠠᠨ ᠮᠥᠷᠲᠡᠭᠡᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠬᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠥᠮ ᠢᠳᠡᠪᠬᠢᠲᠡᠶ ᠠᠬᠢᠭᠤᠯᠬᠤ ᠦᠢᠯᠡᠳᠦᠯ ᠲᠠᠢ ᠪᠥᠭᠡᠳ ᠠᠷᠠᠳ ᠤᠨ ᠲᠥᠯᠦᠭᠡᠯᠡᠭᠴᠢᠳ‌‍ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠰᠠᠨᠠᠭᠤᠯᠭ᠎ᠠ᠂ ᠰᠠᠨᠠᠯ ᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ 22 ᠬᠤᠪᠢ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠪᠦᠬᠦᠨ ᠢ ᠰᠢᠢᠳᠪᠦᠷᠢᠯᠡᠵᠤ ᠳᠠᠭᠤᠰᠬᠠᠭᠠᠳ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ ᠨᠢ 100% ᠪᠠᠶᠢᠵᠤ᠂ ᠵᠣᠩᠬᠢᠯᠠᠬᠤ ᠣᠯᠠᠨ ᠲᠣᠭᠠᠨ ᠤ ᠲᠥᠯᠥᠭᠡᠯᠡᠭᠴᠢᠳ ᠰᠢᠢᠳᠪᠦᠷᠢᠯᠡᠭᠰᠡᠨ ᠪᠠᠶᠢᠳᠠᠯ ᠪᠠ ᠬᠠᠷᠢᠭᠤᠯᠲᠠ ᠥᠭᠭᠦᠭᠰᠡᠨ ᠦᠷ᠎ᠡ ᠳ᠋ᠦᠩ ᠳᠤ ᠰᠡᠳᠬᠢᠯ ᠬᠠᠨᠤᠮᠵᠢᠲᠠᠶ ᠪᠠᠶᠢᠨ᠎ᠠ ᠭᠡᠪᠡ᠃      ᠶᠡᠭᠡ ᠬᠤᠷᠠᠯ ᠠᠴᠠ ᠪᠠᠰᠠ ︽ᠦᠴᠤᠸᠠᠨ ᠰᠢᠶᠠᠨ ᠤ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶︾ ᠶᠢᠨ ᠢᠯᠡᠳᠬᠡᠯ ᠪᠠ ︽ᠦᠴᠤᠸᠠᠨ ᠰᠢᠶᠠᠨ ᠤ 2019 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2020 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶︾ ᠤᠨ ᠮᠡᠳᠡᠭᠦᠯᠦᠯᠲᠡ ᠶᠢ ᠪᠢᠴᠢᠭ ᠢᠶᠠᠷ ᠬᠢᠨᠠᠨ ᠪᠠᠶᠢᠴᠠᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号