ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠤᠳᠤᠷᠢᠳᠤᠯᠭ᠎ᠠ ᠰᠢᠨ᠎ᠡ ᠬᠤᠲᠠ ᠲᠣᠭᠤᠷᠢᠭ ᠤᠨ ᠦᠨᠳᠦᠰᠦᠨ ᠱᠠᠲᠤᠨ ᠤ ᠲᠣᠭᠲᠠᠭᠰᠠᠨ ᠴᠡᠭ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020-01-17
     1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠵᠣᠣ ᠶᠢᠨ ᠸᠧᠨ᠂ ᠡᠮᠴᠢᠯᠡᠭᠡᠨ ᠤ ᠳᠠᠭᠠᠳᠬᠠᠯ ᠤᠨ ᠲᠥᠪ ᠤᠨ ᠳᠡᠳ᠋ ᠡᠷᠬᠢᠯᠡᠭᠴᠢ ᠶᠠᠨ ᠵᠧᠨ ᠨᠡᠷ ᠰᠢᠨ᠎ᠡ ᠬᠤᠲᠠ ᠲᠣᠭᠤᠷᠢᠭ ᠲᠤ ᠬᠦᠷᠴᠦ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ ᠬᠤᠤ ᠶᠠᠨ᠂ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠣᠷᠣᠯᠴᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠵᠤᠴᠢᠨ ᠣᠭᠲᠤᠬᠤ ᠰᠢᠨ᠎ᠡ ᠵᠠᠮ ᠤᠨ ᠬᠡᠷᠡᠭ ᠡᠷᠬᠢᠯᠡᠬᠦ ᠭᠠᠵᠠᠷ ᠤᠨ ᠵᠡᠭᠦᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂  ᠬᠠᠭᠤᠴᠢᠨ ᠠᠶᠢᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠬᠤᠶᠠᠷ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠲᠦᠭᠦᠭᠡᠷᠦᠮᠵᠢ᠂ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ︔ ᠡᠮᠴᠢᠯᠡᠭᠡ ᠰᠤᠪᠢᠯᠠᠯᠲᠠ ᠶᠢᠨ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ᠂ ᠣᠨᠣᠰᠢᠯᠠᠨ ᠡᠮᠨᠡᠬᠦ ᠦᠢᠯᠡᠴᠢᠯᠡᠭᠡᠨ ᠤ ᠲᠦᠷᠦᠯ ᠵᠤᠶᠢᠯ ᠦᠷᠨᠢᠭᠦᠯᠦᠭᠰᠡᠨ᠂ ᠪᠠᠶᠢᠩᠭᠤ ᠬᠡᠷᠡᠭᠯᠡᠬᠦ ᠡᠮ ᠵᠤᠶᠢᠯ ᠤᠨ ᠦᠨ᠎ᠡ ᠬᠠᠩᠰᠢ ᠵᠢᠴᠢ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠤ ᠲᠥᠷᠥᠯ ᠢᠯᠭᠠᠯ ᠢᠶᠠᠷ ᠪᠦᠷᠢᠯᠳᠦᠭᠰᠡᠨ ᠵᠡᠷᠭᠡ ᠡᠯ᠎ᠡ ᠵᠤᠶᠢᠯ ᠤᠨ ᠪᠠᠶᠢᠳᠠᠯ ᠢ ᠨᠠᠷᠢᠨ ᠤᠶᠢᠯᠠᠭᠠᠪᠠ᠃ ᠬᠤᠶᠠᠷ ᠨᠢᠭᠡᠴᠡ ᠶᠢᠨ ᠬᠠᠷᠢᠭᠤᠴᠠᠯᠭᠠᠲᠠᠨ ᠪᠠᠰᠠ ᠣᠳᠣᠬᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ᠊ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠡᠮᠨᠡᠭᠦᠯᠦᠭᠰᠡᠨ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠰᠠᠨᠠᠯ ᠰᠠᠨᠠᠭᠤᠯᠭ᠎ᠠ ᠳᠤ᠂ ᠣᠯᠠᠨ ᠵᠤᠶᠢᠯ ᠤᠨ ᠲᠣᠭᠲᠠᠮᠠᠯ ᠴᠡᠭ ᠤᠨ ᠪᠠᠶᠢᠭᠤᠯᠤᠮᠵᠢ ᠶᠢᠨ ᠬᠢᠷᠢ ᠬᠡᠮ ᠢ ᠤᠯᠠᠮ ᠨᠢᠭᠡ ᠠᠯᠬᠤᠮ ᠭᠤᠶᠤᠴᠢᠯᠠᠨ ᠮᠡᠳᠡᠭᠦᠯᠬᠦ ᠲᠤᠯᠭᠠᠮ᠎ᠠ ᠱᠠᠭᠠᠷᠳᠠᠯᠭ᠎ᠠ ᠣᠷᠣᠰᠢᠵᠤ ᠪᠠᠶᠢᠭ᠎ᠠ ᠵᠡᠷᠭᠡ ᠶᠢ ᠬᠤᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠳᠤ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠵᠡᠶ᠃ ᠰᠢᠨᠵᠢᠯᠡᠨ ᠪᠠᠶᠢᠴᠠᠭᠠᠬᠤ ᠳᠤᠭᠤᠶᠢᠯᠠᠩ ᠬᠤᠶᠠᠷ ᠡᠮᠴᠢᠯᠡᠭᠡᠨ ᠤ ᠪᠠᠶᠢᠭᠤᠯᠤᠮᠵᠢ ᠶᠢᠨ ᠵᠥᠭᠡᠯᠡᠨ ᠬᠠᠲᠠᠭᠤ ᠲᠣᠨᠤᠭ ᠤᠨ ᠪᠠᠶᠢᠭᠤᠯᠤᠯᠲᠠ ᠵᠢᠴᠢ ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃
     ᠬᠠᠮᠤᠭ ᠰᠡᠭᠦᠯ ᠳᠤ᠂ ᠲᠣᠪᠴᠢᠶᠠᠨ ᠳᠠᠷᠤᠭ᠎ᠠ ᠵᠤᠤ ᠶᠢᠨ ᠸᠧᠨ ᠵᠢᠭᠠᠵᠤ ᠭᠠᠷᠭᠠᠭᠰᠠᠨ ᠨᠢ᠄ ᠡᠮ ᠡᠮᠨᠡᠯᠭᠡ ᠶᠢᠨ ᠳᠠᠭᠠᠳᠬᠠᠯ ᠤᠨ ᠠᠵᠢᠯ ᠪᠣᠯ ᠠᠷᠠᠳ ᠤᠨ ᠠᠮᠢᠳᠤᠷᠠᠯ ᠤᠨ ᠴᠢᠬᠤᠯᠠ ᠠᠵᠢᠯ ᠪᠣᠯᠤᠨ᠎ᠠ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ ᠥᠷᠭᠡᠨ ᠢᠶᠠᠷ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠤᠯᠠᠨ ᠳᠡᠰ ᠳᠠᠪᠬᠤᠷᠭ᠎ᠠ᠂ ᠦᠷᠭᠦᠯᠵᠢᠯᠡᠬᠦ ᠶᠢ ᠪᠠᠷᠢᠮᠲᠠᠯᠠᠨ᠎ᠠ᠃ ᠨᠡᠶᠢᠭᠡᠮ ᠲᠣᠭᠤᠷᠢᠭ ᠤᠨ ᠡᠮᠨᠡᠯᠭᠡ ᠶᠢᠨ  ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠨᠢ ᠣᠯᠠᠨ ᠲᠦᠮᠡᠨ ᠢ ᠭᠡᠷ ᠤᠨ ᠡᠭᠦᠳᠡᠨ ᠠᠴᠠ ᠰᠢᠯᠢᠳᠡᠭ ᠡᠮᠴᠢᠯᠡᠭᠡᠨ ᠤ ᠦᠢᠯᠡᠴᠢᠯᠡᠭᠡᠨ ᠢ ᠬᠦᠷᠲᠡᠭᠡᠨ᠎ᠡ᠃ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠤ ᠬᠠᠮᠲᠤ ᠡᠪᠡᠳᠴᠢᠨ ᠦᠵᠡᠭᠦᠯᠬᠦ ᠶᠢ ᠦᠨᠡᠲᠡᠶ ᠪᠠᠶᠢᠬᠤ ᠠᠰᠠᠭᠤᠳᠠᠯ ᠢ ᠴᠤ ᠰᠢᠢᠳᠪᠦᠷᠢᠯᠡᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠬᠠᠮᠲᠤᠪᠠᠷ ᠴᠢᠷᠮᠠᠶᠢᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号