ᠰᠤᠶᠤᠯ ᠢ ᠲᠦᠮᠡᠨ ᠳᠤ  ᠬᠥᠷᠭᠡᠬᠦ ᠠᠵᠢᠯᠯᠠᠭ᠎ᠠ ᠪᠠᠷ ᠴᠠᠭᠠᠨ ᠰᠠᠷ᠎ᠠ ᠶᠢᠨ ᠪᠠᠶᠠᠷ ᠤᠨ ᠥᠩᠭᠡ ᠨᠡᠮᠡᠷᠢᠯᠡᠨ᠎ᠡ
ᠨᠡᠶᠢᠲᠡᠯᠡᠭᠰᠡᠨ ᠴᠠᠭ᠄
2020-01-17
       1 ᠳ᠋ᠤᠭᠡᠷ ᠰᠠᠷ᠎ᠠ ᠶᠢᠨ16 ᠤ ᠡᠳᠦᠷ᠂  ᠵᠠᠭᠤᠨ ᠬᠥᠮᠦᠨ ᠤ ᠵᠠᠭᠤᠨ ᠳᠤᠭᠤᠶᠢᠯᠠᠩ ᠤᠨ ᠰᠣᠶᠣᠯ ᠤᠨ ᠰᠠᠶᠢᠨ ᠲᠤᠷᠠᠴᠤᠳ ᠤᠨ ᠪᠠᠭ᠎ᠠ ᠠᠩᠭᠢ ᠶᠢᠨ ᠬᠢᠨ ᠰᠢᠨ᠎ᠡ ᠬᠤᠲᠠ ᠲᠣᠭᠤᠷᠢᠭ ᠤᠨ ᠱᠠᠨ  ᠱᠦᠢ ᠢ ᠵᠢᠥᠢ  ᠨᠠᠰᠤᠳᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ᠂ ᠠᠳᠡᠬᠢ ᠨᠠᠰᠤᠲᠠᠶᠢᠴᠤᠳ ᠲᠤ ᠴᠠᠭᠠᠨ ᠰᠠᠷ᠎ᠠ  ᠶᠢᠨ ᠵᠥᠩᠨᠡᠯ ᠬᠦᠷᠭᠡᠵᠡᠶ᠃ ᠠᠵᠢᠯᠯᠠᠭ᠎ᠠ ᠨᠢ  ᠴᠠᠭᠠᠨ ᠰᠠᠷ᠎ᠠ ᠶᠢᠨ ᠨᠠᠷᠬᠢᠶᠠᠨᠳᠤ ᠪᠥᠵᠢᠭ ᠢᠶᠠᠷ ᠬᠥᠰᠢᠭᠡ ᠪᠠᠨ ᠰᠡᠬᠦᠵᠦ᠂ ᠭᠤᠴᠣᠯᠠᠯ ᠳᠠᠭᠤᠤ᠂ ᠱᠠᠨ ᠰᠢ ᠵᠦᠴᠦᠭᠡ᠂ ᠦᠨᠳᠦᠰᠦᠲᠡᠨ ᠤ ᠪᠥᠵᠢᠭ ᠵᠡᠷᠭᠡ ᠣᠯᠠᠨ  ᠬᠡᠯᠪᠡᠷᠢ ᠶᠢᠨ ᠲᠣᠭᠯᠠᠯᠲᠠ   ᠭᠠᠷᠭᠠᠨ᠂ ᠨᠠᠰᠤᠲᠠᠶᠢᠴᠤᠳ ᠨᠢᠵᠢᠭᠢᠨᠡᠲᠡᠯ᠎ᠡ ᠠᠯᠠᠭ᠎ᠠ ᠲᠡᠰᠢᠵᠦ᠂ ᠲᠤᠬᠠᠶ ᠶᠢᠨ ᠲᠠᠯᠠᠪᠠᠶ ᠳᠤ ᠪᠠᠶᠠᠷ  ᠬᠥᠷ ᠢᠶᠠᠷ ᠪᠢᠯᠬᠠᠵᠤ ᠪᠠᠶᠢᠯ᠎ᠠ᠃ ᠵᠠᠭᠤᠨ ᠬᠥᠮᠦᠨ ᠤ ᠵᠠᠭᠤᠨ ᠳᠤᠭᠤᠶᠢᠯᠠᠩ ᠤᠨ ᠰᠣᠶᠣᠯ ᠤᠨ ᠰᠠᠶᠢᠨ  ᠲᠤᠷᠠᠴᠤᠳ ᠱᠠᠨ  ᠱᠦᠢ ᠢ ᠵᠢᠥᠢ  ᠶᠢᠨ ᠨᠠᠰᠤᠲᠠᠶᠢᠴᠤᠳ ᠲᠤ  ᠪᠡᠯᠡᠭ ᠬᠦᠷᠭᠡᠵᠦ᠂ ᠲᠡᠳᠡᠨ ᠤ ᠰᠢᠨ᠎ᠡ ᠨᠢᠭᠡᠨ ᠵᠢᠯ ᠳᠡᠭᠡᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠥᠯᠵᠡᠶ ᠪᠡᠯᠭᠡ ᠲᠠᠢ ᠪᠠᠶᠢᠬᠤ ᠶᠢ ᠨᠢ ᠵᠥᠩᠨᠡᠵᠡᠶ᠃ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ  ᠷᠠᠳᠢᠤ᠋ ᠲᠧᠯᠸᠢᠰ ᠤᠨ ᠲᠣᠪᠴᠢᠶ᠎ᠠ ︽ᠪᠢᠳᠠᠨ ᠤ ᠳᠤᠮᠳᠠᠳᠤ ᠶᠢᠨ ᠵᠡᠭᠦᠳᠦ︾ — ᠰᠣᠶᠣᠯ ᠢ ᠲᠦᠮᠡᠨ ᠡᠷᠦᠬᠡ ᠳᠤ ᠬᠦᠷᠭᠡᠬᠦ ᠪᠠᠷ ᠭᠤᠤᠯ ᠰᠡᠳᠦᠪ ᠪᠣᠯᠭᠠᠵᠤ᠂ ᠵᠠᠭᠤᠨ ᠬᠥᠮᠦᠨ ᠤ ᠵᠠᠭᠤᠨ ᠳᠤᠭᠤᠶᠢᠯᠠᠩ ᠰᠣᠶᠣᠯ ᠤᠨ ᠰᠠᠶᠢᠨ  ᠲᠤᠷᠠᠴᠤᠳ ᠤᠨ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ᠂ ᠠᠭᠤᠳᠠᠮ ᠲᠠᠯᠠᠪᠠᠶ ᠵᠡᠷᠭᠡ ᠭᠠᠵᠠᠷ ᠢᠶᠠᠷ  ᠬᠦᠨᠵᠡᠭᠡᠶᠢᠷᠡᠨ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠪᠦᠬᠦᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠨᠤᠭᠤᠳ ᠢ ᠥᠷᠨᠢᠭᠦᠯᠵᠦ᠂ ᠮᠠᠨ ᠤ ᠬᠤᠲᠠ ᠶᠢᠨ ᠠᠷᠠᠳ ᠣᠯᠠᠨ ᠳᠤ ᠪᠠᠶᠠᠯᠢᠭ ᠠᠭᠤᠯᠭ᠎ᠠ ᠲᠠᠢ ᠰᠣᠶᠣᠯ ᠤᠨ ᠬᠦᠷᠲᠡᠭᠡᠯ ᠪᠣᠯᠭᠠᠬᠤ   ᠪᠠᠷ ᠪᠤᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号