ᠰᠢᠨ᠎ᠡ ᠬᠤᠲᠠ ᠲᠣᠭᠤᠷᠢᠭ ︽ᠴᠠᠭᠠᠨ ᠰᠠᠷ᠎ᠠ ᠶᠢ ᠤᠭᠲᠤᠬᠤ · ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠤᠰᠠᠯᠠᠬᠤ︾ ᠮᠥᠰᠥ ᠴᠠᠰᠤᠨ ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-01-19
     1 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠰᠢᠨ᠎ᠡ ᠬᠤᠲᠠ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠰᠢᠨ᠎ᠡ ᠬᠤᠲᠠ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠢᠦᠶ ᠱᠧᠩ ᠪᠡᠶ᠎ᠡ ᠶᠢᠨ ᠲᠠᠮᠢᠷ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ 2020 ᠣᠨ ᠤ ᠰᠢᠨ᠎ᠡ ᠬᠤᠲᠠ ᠲᠣᠭᠤᠷᠢᠭ ᠤᠨ ︽ᠴᠠᠭᠠᠨ ᠰᠠᠷ᠎ᠠ ᠶᠢ ᠤᠭᠲᠤᠬᠤ · ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠤᠰᠠᠯᠠᠬᠤ︾ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠶ ᠳᠤ ᠡᠬᠢᠯᠡᠪᠡ᠃
     ᠡᠨᠡ ᠤᠳᠠᠭᠠᠨ ᠤ ᠮᠥᠰᠥ ᠴᠠᠰᠤᠨ ᠤ ᠰᠤᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠨᠡᠶᠢᠲᠡ 22 ᠲᠥᠯᠥᠭᠡᠯᠡᠭᠴᠢᠳ ᠤᠨ ᠠᠩᠭᠢ᠂ 20 ᠳᠡᠭᠡᠰᠦ ᠲᠠᠲᠠᠬᠤ ᠲᠥᠯᠥᠭᠡᠯᠡᠭᠴᠢᠳ ᠤᠨ ᠠᠩᠭᠢ᠂ 10 ᠬᠥᠯ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ᠶᠢᠨ 600 ᠭᠠᠷᠤᠶ ᠬᠥᠮᠦᠨ ᠣᠷᠣᠯᠴᠠᠵᠠᠶ᠃ ᠴᠠᠰᠤᠨ ᠴᠠᠭᠠᠷᠢᠭ ᠤᠨ ᠬᠤᠷᠳᠤᠴᠠ ᠮᠦᠷᠦᠶᠢᠴᠡᠬᠦ᠂ ᠴᠠᠰᠤᠲᠤ ᠭᠠᠵᠠᠷ ᠤᠨ ᠬᠦᠨᠳᠡᠯᠡᠨ ᠭᠦᠶᠦᠬᠦ᠂ ᠴᠠᠰᠤᠲᠤ ᠭᠠᠵᠠᠷ ᠤᠨ ᠭᠢᠰᠬᠢᠭᠦᠷ᠂ ᠴᠠᠰᠤᠲᠤ ᠭᠠᠵᠠᠷ ᠤᠨ ᠬᠠᠮᠲᠤ ᠶᠢᠨ ᠳᠡᠭᠡᠰᠦ ᠦᠰᠦᠷᠬᠦ᠂ ᠴᠠᠰᠤᠲᠤ ᠭᠠᠵᠠᠷ ᠤᠨ ᠳᠡᠭᠡᠰᠦ ᠲᠠᠲᠠᠬᠤ᠂ ᠴᠠᠰᠤᠲᠤ ᠭᠠᠵᠠᠷ ᠤᠨ ᠬᠥᠯ ᠪᠥᠮᠪᠦᠭᠡ ᠵᠡᠷᠭᠡ 6 ᠲᠣᠮᠣ ᠲᠥᠷᠥᠯ ᠵᠦᠢᠯ ᠤᠨ ᠤᠷᠤᠯᠳᠤᠭᠠᠨ ᠬᠥᠷ ᠬᠥᠭᠵᠢᠶᠡᠨ ᠲᠠᠢ ᠶᠠᠪᠤᠭᠳᠠᠪᠠ᠃
     ᠤᠷᠤᠯᠳᠤᠭᠠᠨ ᠤ ᠲᠠᠯᠠᠪᠤᠷ ᠲᠤ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠲᠡᠭᠦᠯᠳᠡᠷ᠂ ᠲᠡᠮᠡᠴᠡᠯ ᠤᠨ ᠵᠣᠷᠢᠭ ᠪᠠᠳᠠᠷᠠᠩᠭᠤᠶ ᠪᠠᠶᠢᠵᠤ᠂ ᠲᠣᠭᠯᠠᠭᠠᠮ ᠤᠨ ᠳᠣᠮᠳᠠ ᠣᠶᠤᠨ ᠤᠬᠠᠭᠠᠨ ᠪᠠ ᠪᠡᠶ᠎ᠡ ᠶᠢᠨ ᠲᠠᠮᠢᠷ᠂ ᠥᠪᠡᠷᠮᠢᠴᠡ ᠴᠢᠨᠠᠷ ᠪᠠ ᠪᠦᠯᠬᠦᠮᠳᠡᠯ ᠤᠨ ᠴᠤᠭ ᠵᠢᠪᠬᠤᠭ᠎ᠠ ᠶᠢ ᠢᠯᠡᠷᠡᠭᠦᠯᠵᠦ᠂ ᠣᠷᠣᠯᠴᠠᠭᠰᠠᠳ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠭᠦᠨ ᠣᠶᠢᠯᠠᠭᠠᠪᠠ᠃ ᠲᠤᠬᠠᠶ ᠶᠢᠨ ᠲᠠᠯᠠᠪᠤᠷ ᠤᠨ ᠬᠥᠭᠵᠢᠭᠡᠨ ᠵᠣᠷᠢᠭᠵᠢᠭᠤᠯᠬᠤ ᠠᠩᠭᠢ ᠶᠢᠨ ᠭᠡᠰᠢᠭᠦᠳ ᠤᠨ ᠰᠦᠷ ᠦᠵᠡᠭᠦᠯᠬᠦ ᠳᠠᠭᠤᠨ ᠲᠠᠰᠤᠷᠣᠯᠳᠠ ᠦᠬᠡᠢ ᠦᠷᠭᠦᠯᠵᠢᠯᠡᠨ᠂ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠤᠷ ᠠᠮᠢᠰᠬᠤᠯ ᠢ ᠣᠷᠭᠢᠯ ᠳᠤ ᠬᠦᠷᠭᠡᠪᠡ᠃ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠯ᠎ᠡ ᠵᠦᠢᠯ ᠤᠨ ᠤᠷᠤᠯᠳᠤᠭᠠᠨ ᠤ ᠱᠠᠩᠨᠠᠯ ᠬᠦᠷᠲᠡᠭᠰᠡᠳ ᠴᠦ ᠳᠠᠭᠠᠯᠳᠤᠨ ᠮᠡᠨᠳᠦᠯᠡᠵᠡᠢ᠃
     ᠲᠣᠰ ᠤᠳᠠᠭᠠᠨ ᠤ ᠠᠵᠢᠯᠯᠠᠭ᠎ᠠ ᠨᠢ ︽3 ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠮᠥᠰᠥ ᠴᠠᠰᠤᠨ ᠤ ᠬᠦᠳᠡᠯᠭᠡᠭᠡᠨ ᠢ ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠳᠤ ᠢᠳᠡᠪᠬᠢᠲᠡᠶ ᠣᠷᠣᠯᠴᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠵᠤ᠂ ᠮᠥᠰᠥ ᠴᠠᠰᠤᠨ ᠤ ᠬᠥᠳᠡᠯᠭᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠵᠤᠶᠢᠯ ᠪᠠ ᠬᠡᠪᠴᠢᠶ᠎ᠡ ᠶᠢ ᠪᠠᠶᠠᠯᠢᠭᠵᠢᠭ ᠤᠯᠤᠨ ᠥᠷᠭᠡᠳᠬᠡᠵᠦ᠂ ᠠᠮᠢ ᠠᠬᠤᠶ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠵᠢᠭᠤᠯᠴᠢᠯᠠᠯ᠂ ᠪᠥᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢ ᠠᠬᠢᠭᠤᠯᠵᠠᠶ᠃
     ᠰᠢᠨ᠎ᠡ ᠬᠤᠲᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠳᠡᠳ᠋ ᠡᠷᠬᠢᠯᠡᠭᠴᠢ ᠶᠠᠩ ᠶᠠᠨ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠨ ᠳ᠋ᠡ᠂ ᠰᠢᠨ᠎ᠡ ᠬᠤᠲᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠠᠩ ᠵᠢᠶᠦ᠋ᠨ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号