| | | 2020 ᠣᠨ ᠤ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ ᠦᠴᠤᠸᠠᠨ ᠰᠢᠶᠠᠨ ᠤ | ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠪᠠᠷ ᠠᠭᠤᠯᠭ᠎ᠠ ᠪᠣᠯᠭᠠᠭᠰᠠᠨ ᠨᠢᠭᠡ ᠲᠦᠮᠡᠨ ᠢᠵᠢ ᠴᠠᠭᠠᠨ ᠰᠠᠷ᠎ᠠ ᠶᠢᠨ ᠬᠤᠣᠰ ᠤᠶᠠᠩᠭ᠎ᠠ᠂ ᠴᠠᠭ | ᠤᠯᠠᠷᠢᠯ ᠤᠨ ᠪᠢᠴᠢᠭ᠂ ᠨᠠᠭᠠᠮᠠᠯ ᠵᠢᠷᠤᠭ ᠢ ᠬᠢᠵᠤ᠂ 9 ᠬᠠᠤᠯᠢ ᠴᠠᠭᠠᠵᠠ ᠶᠢᠨ ᠭᠠᠵᠠᠷ ᠢᠶᠠᠷ ᠳᠠᠮᠵᠢᠭᠤᠯᠤᠨ ᠲᠣᠰ | ᠲᠣᠰ ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠠᠷᠠᠳ ᠣᠯᠠᠨ ᠳᠤ ᠲᠠᠷᠬᠠᠭᠠᠭᠰᠠᠨ ᠪᠠᠶᠢᠨ᠎ᠠ᠃ | ᠲᠤᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠨᠢ ᠬᠠᠤᠯᠢ | ᠴᠠᠭᠠᠵᠠ ᠶᠢᠨ ᠤᠬᠠᠭᠤᠯᠭ᠎ᠠ ᠶᠢ ᠬᠢᠯᠪᠠᠷ ᠳᠥᠭᠦᠮ ᠣᠶᠢᠯᠭᠠᠬᠤ ᠳᠤ ᠠᠮᠠᠷ᠂ ᠡᠳᠦᠷ ᠳᠣᠲᠤᠮ ᠤᠨ ᠬᠡᠷᠡᠭᠯᠡᠭᠡᠨ | ᠬᠡᠯᠪᠡᠷᠢ ᠪᠠᠷ ᠢᠯᠡᠷᠡᠭᠦᠯᠵᠤ᠂ ᠦᠷᠭᠡᠨ ᠣᠯᠠᠨ ᠠᠷᠠᠳ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ | ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ | ᠣᠶᠢᠷ᠎ᠠ ᠶᠢᠨ ᠵᠢᠯ ᠤᠳ ᠲᠤ᠂ ᠦᠴᠤᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ | ᠴᠠᠭᠠᠵᠠ ᠶᠢᠨ ᠵᠢᠷᠭᠤᠭ᠎ᠠ ᠳᠤ ᠣᠷᠤᠬᠤ︾ ᠳᠤ ᠲᠦᠰᠢᠭᠯᠡᠨ᠂ ︽ᠢᠨᠲ᠋ᠧᠷ ᠰᠦᠯᠵᠢᠶ᠎ᠡ +︾ ᠶᠢ ᠭᠦᠢᠴᠡᠳ | ᠠᠰᠢᠭᠯᠠᠨ᠂ ᠬᠤᠶᠠᠷ ᠪᠢᠴᠢᠯ ᠨᠢᠭᠡ ᠦᠵᠦᠭᠦᠷ ᠤᠨ ᠬᠠᠷᠢᠯᠴᠠᠨ ᠦᠢᠯᠡᠳᠦᠯᠴᠡᠬᠦ ᠲᠠᠪᠴᠠᠩ ᠢ ᠪᠠᠶᠢᠭᠤᠯᠵᠤ᠂ ᠣᠯᠠᠨ | ᠶᠠᠩᠵᠤᠲᠤ ᠴᠢᠨᠠᠷ᠂ ᠪᠣᠳᠠᠲᠤ ᠪᠥᠲᠦᠮᠵᠢᠲᠦ ᠴᠢᠨᠠᠷ ᠢ ᠤᠶᠠᠯᠳᠤᠭᠤᠯᠤᠭᠰᠠᠨ ᠤᠬᠠᠭᠤᠯᠭ᠎ᠠ ᠶᠢᠨ ᠠᠵᠢᠯᠯᠠᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠴᠠᠭ ᠲᠤᠬᠠᠶ ᠳᠤᠨᠢ ᠣᠯᠠᠨ | ᠲᠦᠮᠡᠨ ᠤ ᠳᠡᠷᠭᠡᠳᠡ ᠬᠦᠷᠭᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠤᠨ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ ᠠᠵᠢᠯ ᠳᠠᠬᠢ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠪᠠ᠃ |