ᠰᠢᠨ᠎ᠡ ᠬᠤᠲᠠ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-02
     12 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠭᠤᠤ ᠴᠢ ᠳ᠋ᠦᠩ ᠬᠤᠷᠠᠯ ᠡᠷᠬᠢᠯᠡᠵᠦ᠂ ᠳᠡᠳ᠋ ᠡᠷᠬᠢᠯᠡᠭᠴᠢ ᠡᠤ ᠰᠦ ᠴᠢᠩ᠂ ᠶᠠᠩ ᠶᠠᠨ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠨᠡᠶᠢᠲᠡ 24 ᠬᠥᠮᠦᠨ ᠬᠤᠷᠠᠯ ᠳᠤ ᠣᠷᠣᠯᠴᠠᠵᠤ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠤᠷᠤᠯᠴᠠᠪᠠ᠃
     ᠬᠤᠷᠠᠯ ᠠᠴᠠ ᠣᠷᠣᠨ ᠤ ᠠᠷᠠᠳ ᠤᠨ ᠵᠠᠰᠠᠭ ᠤᠨ ᠣᠷᠳᠣᠨ ᠤ 2019 ᠤᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠪᠡ︔ ᠣᠷᠣᠨ ᠤ ᠠᠷᠠᠳ ᠤᠨ ᠵᠠᠰᠠᠭ ᠤᠨ ᠣᠷᠳᠣᠨ ᠤ 2019 ᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ︔ ᠣᠷᠣᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠰᠢᠨ᠎ᠡ ᠬᠤᠲᠠ ᠲᠣᠭᠤᠷᠢᠭ ᠤᠨ ᠡᠳ᠋ ᠤᠨ ᠵᠠᠰᠠᠭ ᠤᠨ ᠲᠥᠰᠦᠪ ᠢ ᠨᠠᠶᠢᠷᠠᠭᠤᠯᠤᠨ ᠵᠣᠬᠢᠶᠠᠬᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠭᠠᠷᠭᠠᠭᠰᠠᠨ ᠠᠮᠵᠢᠯᠲᠠ ᠶᠢ ᠨᠤᠲᠠᠯᠠᠭᠰᠠᠨ ᠤ ᠬᠠᠮᠲᠤ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ ᠪᠣᠯ ᠨᠡᠶᠢᠭᠡᠮ ᠵᠢᠷᠤᠮ ᠤᠨ ᠤᠯᠤᠰ ᠲᠥᠷᠦ ᠶᠢᠨ ᠪᠣᠯᠪᠠᠰᠤᠨ ᠤ ᠳᠤᠲᠠᠭᠳᠠᠵᠤ ᠪᠣᠯᠤᠰᠢ ᠦᠭᠡᠢ ᠪᠦᠷᠢᠯᠳᠦᠬᠦᠨ ᠬᠡᠰᠡᠭ ᠪᠠ ᠳᠦᠷᠢᠮ ᠤᠨ ᠪᠠᠲᠤᠯᠠᠭ᠎ᠠ ᠪᠣᠯᠬᠤ ᠪᠥᠭᠡᠳ ᠪᠠᠰᠠ ᠨᠡᠶᠢᠭᠡᠮ ᠵᠢᠷᠤᠮ ᠤᠨ ᠤᠯᠤᠰ ᠲᠥᠷᠦ ᠶᠢᠨ ᠪᠣᠯᠪᠠᠰᠤᠨ ᠤ ᠴᠢᠬᠤᠯᠠ ᠪᠡᠶᠡᠯᠡᠭᠳᠡᠬᠦ ᠬᠡᠯᠪᠡᠷᠢ ᠪᠣᠯᠤᠨ᠎ᠠ ᠭᠡᠵᠦ ᠢᠯᠡᠳᠬᠡᠪᠡ᠃ ᠬᠤᠶᠢᠰᠢᠳᠠ ᠡᠳ᠋ ᠤᠨ ᠵᠠᠰᠠᠭ ᠤᠨ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ ᠶᠢᠨ ᠡᠷᠬᠡ ᠲᠡᠭᠰᠢ ᠴᠢᠨᠠᠷ᠂ ᠲᠦᠪ ᠭᠤᠤᠯᠴᠢ ᠴᠢᠨᠠᠷ᠂ ᠢᠯᠡ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠳᠤ ᠤᠯᠤᠰ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠬᠡᠷᠡᠭᠲᠡᠶ᠃
     ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠣᠷᠴᠢᠨ ᠲᠣᠭᠤᠷᠢᠨ ᠪᠣᠯ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠠᠷᠠᠳ ᠣᠯᠠᠨ ᠤ ᠬᠠᠯᠠᠭᠤᠨ ᠬᠦᠰᠡᠯ ᠡᠷᠡᠮᠡᠯᠵᠡᠯ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠦ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠲᠠᠢ ᠪᠠᠶᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠤᠶᠢᠯ ᠤᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ ᠭᠡᠪᠡ᠃ ᠬᠤᠶᠢᠰᠢᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠷᠭᠦᠯᠵᠢᠯᠡᠨ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号