ᠬᠦᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠳᠤᠮᠳᠠᠳᠤ ᠶᠢᠨ ᠣᠨ ᠤ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2020-01-02
      ᠬᠦᠬᠡᠬᠤᠲᠠ ᠶᠢᠨ ᠡᠳᠦᠷ ᠤᠨ ᠰᠤᠨᠢᠨ ᠤ ᠮᠡᠳᠡᠭᠡ  ︵ᠰᠣᠷᠪᠤᠯᠵᠢᠯᠠᠭᠴᠢ  ᠮᠢᠶᠤᠤ ᠲᠢᠩ︶ ᠬᠦᠬᠡᠬᠤᠲᠠ ᠶᠢᠨ ᠰᠣᠶᠣᠯ  ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂  ᠬᠦᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ‍ᠤᠨ‌‍ᠲ᠋ᠤᠮᠳᠠᠳᠤ  ᠶᠢᠨ ᠣᠨ ᠤ ᠠᠵᠢᠯᠯᠠᠭ᠎ᠠ ᠶᠢ 1 ᠳ᠋ᠤᠭᠡᠷ ᠰᠠᠷ᠎ᠠ ᠶᠢᠨ 2 ᠤᠨ ᠡᠳᠦᠷ ᠠᠴᠠ 2  ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ︵ᠯᠠ ᠰᠠᠷ᠎ᠠ ᠶᠢᠨ ᠰᠢᠨ᠎ᠡ ᠶᠢᠨ  ᠨᠠᠢᠮᠠᠨ ᠠᠴᠠ ᠬᠤᠶᠠᠳᠤᠭᠠᠷ ᠰᠠᠷ᠎ᠠ ᠶᠢᠨ ᠰᠢᠨ᠎ᠡ ᠶᠢᠨ ᠬᠤᠶᠠᠷ ᠪᠣᠯᠲᠠᠯ᠎ᠠ︶ ᠮᠤᠨᠢ ᠠᠭᠤᠯᠠᠨ ᠤ ᠪᠣᠳᠠᠰ ᠤᠨ ᠪᠤᠰᠤ ᠰᠣᠶᠣᠯ ᠤᠨ ᠥᠪ ᠤᠨ ᠪᠠᠯᠭᠠᠰᠤᠨ ᠳᠤ ᠶᠠᠪᠤᠭᠳᠠᠭᠤᠯᠤᠨ᠎ᠠ᠃             2020 ᠣᠨ ᠳᠤ ᠬᠦᠬᠡᠬᠤᠲᠠ ᠶᠢᠨ ᠴᠠᠭᠠᠨ ᠰᠠᠷ᠎ᠠ ᠶᠢᠨ ᠬᠤᠭᠤᠴᠠᠭᠠᠨ  ᠳᠠᠬᠢ ᠰᠣᠶᠣᠯ ᠤᠨ ᠠᠵᠢᠯᠯᠠᠭ᠎ᠠ ᠨᠢ  ᠬᠦᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠮᠤᠨᠢ ᠠᠭᠤᠯᠠᠨ ᠤ ᠪᠣᠳᠠᠰ ᠤᠨ ᠪᠤᠰᠤ ᠰᠣᠶᠣᠯ ᠤᠨ ᠥᠪ ᠤᠨ ᠪᠠᠯᠭᠠᠰᠤ᠂ ᠡᠮᠦᠨ᠎ᠡ ᠶᠣᠣ ᠽᠢ ᠤᠰᠤᠨ ᠴᠥᠭᠦᠷᠥᠮ᠂ ᠮᠣᠩᠭᠤᠯ ᠤᠨ ᠵᠠᠩ ᠦᠢᠯᠡ ᠶᠢᠨ ᠬᠦᠷᠢᠶᠡᠯᠡᠩ᠂ ᠶᠡᠭᠡ ᠵᠤᠤ ᠶᠢᠨ ᠣᠷᠣᠨ ᠤ ᠬᠡᠰᠡᠭ ᠢᠶᠠᠷ ᠴᠡᠭ ᠪᠣᠯᠭᠠᠵᠤ᠂ ᠬᠤᠲᠠ ᠶᠢᠨ ᠲᠣᠭᠤᠷᠢᠭ ᠤᠨ ᠭᠤᠤᠯ ᠪᠣᠯᠬᠤ ᠣᠯᠠᠨ ᠨᠡᠶᠢᠲᠡ ᠶᠢᠨ ᠰᠣᠶᠣᠯ ᠤᠨ ᠣᠷᠳᠣᠨ ᠲᠠᠯᠠᠪᠤᠷ᠂  ᠵᠦᠴᠦᠭᠡ ᠶᠢᠨ ᠲᠠᠯᠠᠪᠤᠷ ᠢᠶᠠᠷ ᠨᠢᠭᠤᠷ ᠲᠠᠯ᠎ᠠ ᠪᠤᠯᠭᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠭᠤᠤᠯ ᠪᠣᠯᠬᠤ ᠰᠣᠶᠣᠯ ᠤᠨ ᠲᠠᠯᠠᠪᠠᠢ᠂ ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠢᠴᠢ ᠪᠤᠰᠤᠳ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠵᠡᠷᠭᠡ  ᠭᠠᠵᠠᠷ ᠢ ᠨᠥᠯᠥᠭᠡᠯᠡᠨ ᠲᠠᠶᠢᠴᠢᠯᠠᠵᠤ᠂ ᠪᠠᠶᠠᠯᠢᠭ ᠠᠭᠤᠯᠭ᠎ᠠ ᠲᠠᠢ᠂ ᠰᠢᠨ᠎ᠡ ᠬᠡᠯᠪᠡᠷᠢ ᠶᠢᠨ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠤᠨ ᠣᠨᠴᠠᠯᠢᠭᠲᠤ ᠰᠣᠶᠣᠯ ᠤᠨ ᠠᠵᠢᠯᠯᠠᠭ᠎ᠠ ᠶᠢ ᠦᠷᠨᠢᠬᠦᠯᠦᠨ᠎ᠡ  ᠃ ᠠᠵᠢᠯᠯᠠᠭ᠎ᠠ ᠶᠢᠨ  ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠠᠷᠠᠳ ᠤᠨ ᠵᠠᠩ ᠦᠢᠯᠡ ᠶᠢᠨ ᠬᠦᠳᠡᠯᠭᠡᠭᠡᠨ ᠂ ᠤᠷᠠᠨ ᠰᠠᠶᠢᠬᠠᠨ ᠤ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠮᠥᠰᠥ ᠴᠠᠰᠤᠨ ᠤ ᠨᠠᠭᠠᠳᠤᠮ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠨᠣᠮ ᠪᠢᠴᠢᠭ ᠤᠩᠰᠢᠬᠤ ᠵᠡᠷᠭᠡ  ᠠᠭᠤᠯᠭ᠎ᠠ ᠪᠠᠭᠲᠠᠵᠤ ᠪᠣᠶ᠃                               ᠰᠣᠷᠪᠤᠯᠵᠢᠯᠠᠭᠴᠢ  ᠮᠢᠶᠤᠤ ᠲᠢᠩ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号