ᠬᠦᠬᠡᠬᠤᠲᠠ ᠶᠢᠨ ᠨᠢᠳᠤᠨᠤᠨ ᠤ ᠵᠢᠭᠤᠯᠴᠢᠯᠠᠯ ᠤᠨ ᠣᠷᠣᠯᠭ᠎ᠠ 1040.4 ᠳ᠋ᠦᠩᠰᠢᠭᠤᠷ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2020-01-21
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠯᠠᠭᠠᠨᠲᠤᠶᠠᠭ᠎ᠠ︶ ᠰᠤᠷᠪᠤᠯᠵᠢᠯᠠᠭᠴᠢ ᠬᠦᠬᠡᠬᠤᠲᠠ ᠶᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ  ᠠᠴᠠ ᠤᠢᠢᠯᠠᠭᠠᠭᠰᠠᠨ ᠢᠶᠠᠷ᠂ 2019 ᠣᠨ ᠳᠤ ᠬᠦᠬᠡᠬᠤᠲᠠ ᠨᠡᠶᠢᠲᠡ 4822.8 ᠲᠦᠮᠡᠨ ᠵᠢᠭᠤᠯᠴᠢᠯᠠᠭᠴᠢ ᠶᠢ ᠬᠦᠯᠢᠶᠡᠨ ᠠᠪᠴᠤ ᠵᠤᠴᠢᠯᠠᠨ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 10.3% ᠪᠠᠷ ᠨᠡᠮᠡᠭᠳᠡᠵᠦ᠂ ᠪᠦᠬᠦ ᠵᠢᠯ ᠤᠨ ᠵᠢᠭᠤᠯᠴᠢᠯᠠᠯ ᠤᠨ ᠣᠷᠣᠯᠭ᠎ᠠ 1040.4 ᠳ᠋ᠦᠩᠰᠢᠭᠤᠷ ᠲᠦᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 12.6% ᠪᠠᠷ ᠨᠡᠮᠡᠭᠳᠡᠵᠡᠢ᠃ ᠡᠯ᠎ᠡ ᠲᠥᠷᠥᠯ ᠤᠨ ᠵᠢᠭᠤᠯᠴᠢᠯᠠᠯ ᠤᠨ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠰᠢᠭᠤᠳ ᠠᠵᠢᠯ ᠤᠯᠭᠤᠭᠰᠠᠨ ᠬᠦᠮᠦᠨ ᠤ ᠲᠤᠭ᠎ᠠ 7 ᠲᠦᠮᠡ ᠰᠢᠬᠠᠮ ᠪᠠᠶᠢᠵᠤ᠂ ᠵᠢᠭᠤᠯᠴᠢᠯᠠᠯ ᠤᠨ ᠦᠢᠯᠡᠰ ᠤᠨ ᠳᠠᠶᠢᠴᠢᠯᠠᠨ ᠳᠠᠭᠠᠭᠤᠯᠤᠭᠰᠠᠨ ᠬᠠᠮᠢᠶ᠎ᠠ ᠪᠦᠬᠦᠢ ᠠᠵᠢᠯ ᠲᠥᠷᠥᠯ ᠤᠨ ᠳᠠᠮ ᠢᠶᠠᠷ ᠠᠵᠢᠯ ᠣᠯᠭᠤᠭᠰᠠᠨ ᠬᠥᠮᠥᠨ ᠤ ᠲᠤᠭ᠎ᠠ 35 ᠲᠦᠮᠡ ᠰᠢᠬᠠᠮ ᠬᠦᠷᠴᠡᠢ᠃      2019 ᠣᠨ ᠳᠤ᠂ ᠬᠦᠬᠡᠬᠤᠲᠠ ᠶᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠰᠤᠶᠤᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠤᠨ᠂ ᠪᠦᠬᠦ ᠤᠷᠤᠨ ᠪᠦᠰᠡ ᠶᠢᠨ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠢ ᠴᠢᠷᠮᠠᠶᠢᠨ ᠬᠦᠭᠵᠢᠭᠦᠯᠵᠦ᠂ ︽ᠦᠵᠡᠰᠭᠦᠯᠡᠩᠲᠦ ᠰᠠᠶᠢᠬᠠᠨ ᠬᠦᠬᠡᠬᠤᠲᠠ︾ ᠶᠢᠨ ᠵᠢᠭᠤᠯᠴᠢᠯᠠᠯ ᠤᠨ ᠲᠦᠷᠦᠯ ᠲᠡᠮᠲᠡᠭ ᠢ ᠪᠦᠬᠦ ᠬᠦᠴᠦᠨ ᠢᠶᠠᠷ ᠴᠤᠭᠴᠠᠯᠠᠨ᠂ ᠲᠦᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ᠃      ᠤᠢᠢᠯᠠᠭᠠᠭᠰᠠᠨ ᠢᠶᠠᠷ᠂ ᠤᠳᠤ ᠪᠣᠯᠲᠠᠯ᠎ᠠ ᠬᠦᠬᠡᠬᠤᠲᠠ ᠳᠤ ᠤᠯᠤᠰ ᠤᠨ A ᠳᠡᠰ ᠤᠨ ᠦᠵᠡᠮᠵᠢ ᠶᠢᠨ ᠤᠷᠤᠨ 41 ᠪᠠᠶᠢᠵᠤ᠂ ᠡᠭᠦᠨ ᠳᠤ 4A ᠳᠡᠰ ᠤᠨ ᠦᠵᠡᠮᠵᠢ ᠶᠢᠨ ᠤᠷᠤᠨ ᠪᠠ 3A ᠳᠡᠰ ᠤᠨ ᠦᠵᠡᠮᠵᠢ ᠶᠢᠨ ᠤᠷᠤᠨ ᠲᠤᠰ ᠪᠦᠷᠢ 17 ᠪᠠᠶᠢᠨ᠎ᠠ᠃ ᠤᠳᠤᠨ ᠳᠡᠰ ᠤᠨ ᠪᠠᠭᠤᠳᠠᠯ ᠨᠡᠶᠢᠲᠡ 25 ᠪᠠᠶᠢᠵᠤ᠂ ᠡᠭᠦᠨ ᠳᠤ 5 ᠤᠳᠤᠨ ᠳᠡᠰ  ᠤᠨ ᠪᠠᠭᠤᠳᠠᠯ 5 ᠪᠠᠶᠢᠨ᠎ᠠ᠃ ᠵᠢᠭᠤᠯᠴᠢᠯᠠᠯ ᠤᠨ ᠬᠤᠷᠢᠶ᠎ᠠ 274᠂ ᠦᠨᠡᠮᠯᠡᠯ ᠲᠠᠢ ᠵᠠᠮᠴᠢᠯᠠᠭᠴᠢ 4855 ᠪᠠᠶᠢᠵᠤ᠂ ᠵᠢᠭᠤᠯᠴᠢᠯᠠᠯ ᠤᠨ ᠦᠢᠯᠡᠳᠬᠦᠨ ᠪᠤᠷᠤᠯᠠᠭᠤᠯᠳᠠᠭ ᠠᠵᠤ ᠠᠬᠤᠢᠢᠯᠠᠯ 118᠂ ᠵᠢᠭᠤᠯᠴᠢᠯᠠᠯ ᠤᠨ ᠵᠦᠭᠡᠭᠡᠪᠦᠷᠢ ᠶᠢᠨ ᠠᠵᠤ ᠠᠬᠤᠢᠢᠯᠠᠯ 10 ᠪᠠᠶᠢᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠰᠬᠤᠨ 7᠂ ᠬᠦᠳᠡᠭᠡ ᠲᠤᠰᠬᠤᠨ ᠤ ᠵᠢᠭᠤᠯᠴᠢᠯᠠᠯ ᠤᠨ ᠤᠳᠤᠨ ᠳᠡᠰ ᠤᠨ ᠬᠦᠯᠢᠶᠡᠨ ᠠᠪᠴᠤ ᠵᠤᠴᠢᠯᠠᠬᠤ ᠡᠷᠦᠬᠡ 101 ᠪᠠᠶᠢᠵᠤ ᠂ ᠵᠢᠭᠤᠯᠴᠢᠯᠠᠯ ᠤᠨ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢᠶᠠᠷ ᠦᠷᠬᠡᠨ ᠤᠯᠠᠨ ᠵᠢᠭᠤᠯᠴᠢᠯᠠᠭᠴᠢᠳ ᠤᠨ ᠬᠦᠷᠢᠶᠡᠯᠡᠯ ᠢ ᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号