ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠤᠳᠤᠯᠭᠠᠨ ᠤ ᠨᠡᠶᠢᠭᠡᠮᠯᠢᠭ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2020-01-03
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ 2019 ᠣᠨ ᠤ 12 ᠰᠠᠷ᠎ᠠ ᠶᠢᠨ 31 ᠤ ᠡᠳᠦᠷ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠤᠳᠤᠯᠭᠠᠨ ᠤ ᠨᠡᠶᠢᠭᠡᠮᠯᠢᠭ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠪᠠᠶᠢᠭᠤᠯᠤᠭᠳᠠᠪᠠ᠃      ᠮᠣᠩᠭᠤᠯ ᠦᠨᠳᠦᠰᠦᠳᠡᠨ ᠤ ᠬᠤᠪᠴᠠᠰᠤ ᠵᠠᠰᠠᠯ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ  ᠤᠨ ᠴᠢᠬᠤᠯᠠ ᠠᠴᠢᠶᠠᠯᠠᠪᠤᠷᠢ ᠪᠠ ᠪᠦᠷᠢᠯᠳᠦᠬᠦᠨ ᠮᠥᠨ᠂ ᠪᠠᠰᠠ ᠴᠤ ᠥᠪᠥᠷ ᠮᠣᠩᠭᠤᠯ ᠤᠨ ᠥᠪᠡᠷᠮᠢᠴᠡ ᠰᠣᠶᠣᠯ ᠤᠨ ᠪᠡᠯᠭᠡ ᠲᠡᠮᠳᠡᠭ ᠮᠥᠨ᠃ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠭᠰᠠᠨ ᠨᠢ ᠡᠯ᠎ᠡ ᠲᠠᠯ᠎ᠠ ᠶᠢᠨ ᠬᠦᠴᠦᠨ ᠴᠢᠳᠠᠯ ᠪᠠ ᠦᠢᠯᠡᠳᠦᠯ ᠢ ᠭᠦᠢᠴᠡᠳ ᠳᠠᠶᠢᠴᠢᠯᠠᠨ ᠪᠠᠳᠠᠷᠠᠭᠤᠯᠵᠤ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠬᠠᠮᠲᠤ ᠪᠠᠷ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠄ ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠤᠳᠤᠯᠭᠠᠨ ᠤ ᠲᠠᠯ᠎ᠠ ᠪᠠᠷ ᠥᠪᠡᠷᠮᠢᠴᠡ ᠣᠨᠴᠠᠯᠢᠭ ᠲᠠᠢ  ᠴᠢᠳᠠᠪᠤᠷᠢᠲᠠᠨ ᠪᠠ ᠲᠤᠰᠬᠠᠶ ᠮᠡᠷᠭᠡᠵᠢᠯ ᠤᠨ ᠳᠠᠪᠠᠭᠤᠯᠢᠭ ᠲᠠᠢ᠂ ᠲᠤᠰᠬᠠᠶ ᠮᠡᠷᠭᠡᠵᠢᠯ ᠢᠶᠠᠷ ᠬᠠᠮᠤᠭ ᠤᠨ ᠪᠦᠷᠢᠨ ᠭᠦᠢᠴᠡᠳ ᠵᠢᠷᠤᠭ ᠲᠥᠯᠥᠪᠯᠡᠭᠡᠨ  ᠤ ᠰᠢᠨᠵᠢᠯᠡᠭᠡᠨ ᠤ ᠰᠠᠯᠠᠭ᠎ᠠ ᠲᠠᠢ᠂ ᠵᠠᠩ ᠦᠢᠯᠡ ᠵᠦᠢ ᠶᠢᠨ ᠨᠢᠭᠡᠳᠦᠭᠡᠷ ᠲᠡᠰ ᠤᠨ ᠰᠢᠨᠵᠢᠯᠡᠭᠡᠨ ᠤ ᠳ᠋ᠣᠺᠲ᠋ᠣᠷᠠᠨᠲ  ᠤᠨ ᠴᠡᠭ ᠲᠠᠢ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠤᠳᠤᠯᠭᠠᠨ ᠤ ᠨᠡᠶᠢᠭᠡᠮᠯᠢᠭ ᠤᠨ ᠠᠵᠢᠯ ᠢᠶᠠᠨ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠬᠦ ᠶᠢᠨ ᠬᠠᠮᠲᠤ ᠮᠣᠩᠭᠤᠯ ᠦᠨᠳᠦᠰᠦᠲᠡᠨ ᠤ ᠰᠣᠶᠣᠯ ᠢ ᠤᠯᠠᠮ ᠴᠢᠨᠠᠭᠰᠢᠳᠠ ᠠᠭᠤᠳᠠᠯᠬᠤ᠂ ᠬᠠᠮᠠᠭᠠᠯᠠᠬᠤ᠂ ᠰᠢᠨ᠎ᠡ ᠶᠢ ᠡᠭᠦᠳᠬᠦ᠂ ᠦᠨᠳᠦᠰᠦᠲᠡᠨ ᠤ ᠬᠤᠪᠴᠠᠰᠤ ᠵᠠᠰᠠᠯ ᠢ ᠤᠯᠠᠮᠵᠢᠯᠠᠨ ᠬᠥᠭᠵᠢᠭᠦᠯᠬᠦ ᠪᠠ ᠳᠤᠮᠳᠠᠳᠤ ᠶᠢᠨ ᠦᠨᠳᠦᠰᠦᠲᠡᠨ ᠤ ᠬᠤᠪᠴᠠᠰᠤ ᠵᠠᠰᠠᠯ ᠤᠨ ᠤᠨᠤᠯ ᠤᠨ ᠰᠢᠰᠲ᠋ᠧᠮ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ︾ ᠭᠡᠵᠡᠶ᠃      ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠬᠰᠠᠨ ᠨᠢ ᠰᠤᠷᠭᠠᠭᠤᠯᠢ ᠶᠢᠨ ᠵᠢᠷᠤᠭ ᠲᠥᠯᠥᠪᠯᠡᠭᠡ᠂ ᠤᠷᠠᠯᠢᠭ᠂ ᠤᠭᠰᠠᠭᠠᠳᠠᠨ ᠵᠦᠢ᠂ ᠵᠠᠩ ᠦᠢᠯᠡ ᠵᠦᠢ ᠵᠡᠷᠬᠡ ᠰᠢᠨᠵᠢᠯᠡᠭᠡᠨ  ᠤ ᠰᠠᠯᠠᠭ᠎ᠠ ᠶᠢᠨ ᠴᠢᠳᠠᠪᠤᠷᠢᠲᠠᠨ᠂ ᠲᠤᠰᠬᠠᠶ ᠮᠡᠷᠭᠡᠵᠢᠯ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ  ᠤ ᠰᠣᠶᠣᠯ ᠵᠢᠭᠤᠯᠴᠢᠯᠠᠯ ᠤᠨ ᠲᠢᠩᠬᠢᠮ ᠲᠠᠢ ᠨᠢᠭᠲᠠ ᠬᠠᠮᠵᠢᠯᠴᠠᠨ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠣᠭᠠᠴᠢᠯᠠᠭᠰᠠᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ᠂ ᠲᠦᠪᠯᠡᠷᠡᠬᠦᠯᠦᠨ ᠳᠡᠯᠭᠡᠨ ᠦᠵᠡᠭᠦᠯᠬᠦ ᠰᠢᠰᠲ᠋ᠧᠮ ᠪᠠ ᠤᠯᠠᠮᠵᠢᠯᠠᠨ ᠳᠡᠯᠭᠡᠷᠡᠭᠦᠯᠬᠦ ᠲᠠᠪᠴᠠᠩ ᠤᠨ ᠪᠦᠲᠦᠭᠡᠨ ᠪᠠᠶᠢᠭᠤᠯᠤᠯᠲᠠ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠢ  ᠡᠯᠧᠮᠧᠨ᠋ᠲᠴᠢᠯᠡᠭᠰᠡᠨ᠂ ᠤᠷᠤᠰᠬᠠᠯᠵᠢᠭᠰᠠᠨ᠂ ᠠᠮᠢᠳᠤᠷᠠᠯᠵᠢᠭᠰᠠᠨ᠂ ᠪᠠᠷᠢᠮᠵᠢᠶᠠᠵᠢᠭᠰᠠᠨ᠂ ᠠᠵᠤ ᠦᠢᠯᠡᠰᠵᠢᠬᠦᠯᠦᠨ ᠬᠦᠭᠵᠢᠬᠦᠯᠬᠦ ᠰᠤᠳᠤᠯᠭᠠᠨ ᠢ ᠢᠳᠡᠪᠬᠢᠲᠡᠢ ᠠᠬᠢᠭᠤᠯᠵᠤ᠂ ᠮᠣᠩᠭᠤᠯ ᠦᠨᠳᠦᠰᠦᠲᠡᠨ ᠤ ᠣᠨᠴᠠᠯᠢᠭᠲᠤ ᠰᠢᠷᠢᠰ ᠬᠡᠷᠡᠭᠯᠡᠭᠡᠨ ᠤ ᠬᠡᠯᠪᠡᠷᠢ ᠶᠢᠨ ᠬᠤᠪᠴᠠᠰᠤ ᠵᠠᠰᠠᠯ ᠤᠨ ᠨᠡᠭᠡᠭᠡᠨ ᠬᠥᠭᠵᠢᠭᠦᠯᠦᠯᠲᠡ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠲᠤᠰᠬᠠᠶ ᠮᠡᠷᠭᠡᠵᠢᠯ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠪᠠᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠰᠡᠳᠬᠦᠯ ᠢ ᠡᠭᠦᠳᠦᠨ ᠡᠷᠬᠢᠯᠡᠬᠦ ᠵᠡᠷᠭᠡ ᠠᠵᠢᠯ ᠢ ᠢᠳᠡᠪᠬᠢᠳᠡᠢ ᠥᠷᠨᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号