ᠮᠠᠰᠢᠨᠲᠤ ᠲᠡᠷᠭᠡᠨ ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠣᠭᠰᠠᠨ ᠪᠠᠶᠢᠪᠠᠯ ᠬᠡᠨ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠪᠣᠢ
ᠨᠡᠶᠢᠲᠡᠯᠡᠭᠰᠡᠨ ᠴᠠᠭ᠄
2020-01-03
         ︿ᠵᠢᠱᠢᠶ᠎ᠡ ᠭᠡᠷᠡᠭ﹀ ᠪᠠᠲᠠᠷᠴᠢ ᠵᠢᠯᠣᠭᠤᠴᠢ ᠪᠠᠶᠢᠵᠦ᠂ ᠲᠦᠭᠵᠢᠯ ᠤᠨ ᠪᠠᠷᠠᠭᠠᠨ ᠲᠡᠷᠭᠡ   ᠶᠢ  ᠣᠷᠲᠤ  ᠬᠤᠭᠤᠴᠠᠭ᠎ᠠ ᠪᠠᠷ ᠲᠦᠷᠢᠶᠡᠰᠦᠯᠡᠨ ᠪᠠᠷᠠᠭ᠎ᠠ ᠵᠦᠭᠡᠭᠡᠪᠦᠷᠢᠯᠡᠵᠦ᠂ ᠡᠩ ᠤᠨ ᠴᠠᠭ ᠲᠤ ᠪᠠᠲᠠᠷᠴᠢ ᠲᠡᠷᠭᠡ ᠶᠢ ᠬᠠᠮᠢᠶᠠᠷᠴᠦ᠂ ᠲᠦᠭᠵᠢᠯ ᠨᠢ ᠵᠦᠪᠬᠡᠨ‌‍ᠲ᠋ᠦ᠋ᠷᠢᠶᠡᠰᠦᠨ ᠮᠦᠩᠬᠦ ᠠᠪᠲᠠᠭ ᠪᠠᠶᠢᠵᠠᠢ᠃ ᠨᠢᠭᠡ ᠣᠲᠠᠭ᠎ᠠ ᠪᠠᠲᠠᠷᠴᠢ ᠪᠠᠷᠠᠭ᠎ᠠ ᠵᠦᠭᠡᠭᠡᠪᠦᠷᠢᠯᠡᠬᠦ ᠵᠠᠮ ᠲᠣᠮᠲᠠ ᠪᠠᠨ ᠭᠡᠨᠡᠲᠡᠯ ᠠᠴᠠ ᠪᠣᠯᠵᠤ ᠢᠲᠡᠭᠡᠯᠲᠤ ᠶᠢ ᠰᠢᠷᠠᠭᠲᠤᠭᠤᠯᠪᠠ᠃ ᠢᠲᠡᠭᠡᠯᠲᠤ ᠶᠢᠨ ᠰᠢᠷᠬ᠎ᠠ ᠡᠲᠡᠭᠡᠷᠡᠭᠰᠡᠨ ᠠᠴᠠ ᠰᠡᠬᠦᠯᠡᠷ ᠪᠠᠲᠠᠷᠴᠢ  ᠪᠣᠯᠣᠨ  ᠲᠦᠭᠵᠢᠯ   ᠢ ᠴᠦᠮ ᠰᠢᠬᠦᠬᠦ ᠬᠤᠷᠢᠶᠠᠨ ᠳᠤ ᠵᠠᠭᠠᠯᠲᠣᠵᠦ᠂ ᠲᠦᠯᠦᠬᠦᠯᠬᠦ ᠪᠠᠷ ᠱᠠᠭᠠᠷᠲᠠᠭᠰᠠᠨ ᠪᠠᠶᠢᠨ᠎ᠠ᠃ ᠡᠬᠦᠨ   ᠳᠤ  ᠲᠦᠭᠵᠢᠯ  ᠮᠠᠷᠭᠤᠵᠣ᠂ ᠪᠠᠲᠠᠷᠴᠢ ᠲᠡᠷᠭᠡ ᠶᠢ ᠬᠠᠮᠢᠶᠠᠷᠣᠨ ᠬᠡᠷᠡᠭᠯᠡᠵᠦ ᠪᠠᠶᠢᠭ᠎ᠠ ᠪᠣᠯᠬᠤᠷ ᠦᠪᠡᠷ   ᠲᠤᠨᠢ  ᠲᠦᠯᠦᠬᠦ  ᠬᠠᠷᠢᠭᠤᠴᠠᠯᠭ᠎ᠠ  ᠦᠭᠡᠢ  ᠭᠡᠵᠡᠢ᠃ ᠲᠡᠭᠡᠪᠡᠯ ᠲᠦᠭᠵᠢᠯ ᠤᠨ ᠬᠡᠯᠡᠯᠭᠡ ᠵᠣᠶᠢᠲᠠᠢ ᠦᠦ︖      ︿ᠵᠠᠲᠠᠯᠣᠯᠲᠠ﹀᠄  ︽ᠡᠷᠬᠡ   ᠳᠤ  ᠬᠠᠯᠲᠠᠭᠰᠠᠨ ᠬᠠᠷᠢᠭᠤᠴᠠᠯᠭ᠎ᠠ ᠶᠢᠨ ᠬᠠᠣᠯᠢ︾   ᠶᠢ ᠦᠨᠳᠦᠰᠦᠯᠡᠪᠡᠯ᠂ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠲᠠᠯ ᠠᠴᠠ ᠪᠣᠯᠵᠤ ᠮᠠᠰᠢᠨᠲᠤ ᠲᠡᠷᠭᠡᠨ ᠤ ᠦᠮᠴᠢᠯᠡᠭᠴᠢ  ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠴᠦ᠂ ᠲᠣᠰ ᠮᠠᠰᠢᠨᠲᠤ ᠲᠡᠷᠭᠡ ᠶᠢᠨ ᠲᠠᠯ᠎ᠠ ᠶᠢᠨ ᠬᠢᠨ ᠤ ᠬᠠᠷᠢᠭᠤᠴᠠᠯᠭ᠎ᠠ ᠠᠴᠠ ᠪᠣᠯᠣᠬᠰᠠᠨ ᠪᠠᠶᠢᠪᠠᠯ᠂ ᠲᠠᠭᠠᠳᠬᠠᠯ ᠤᠨ ᠺᠣᠮᠫᠠᠨᠢ ᠠᠴᠠ ᠮᠠᠰᠢᠨᠲᠤ  ᠲᠡᠷᠭᠡᠨ   ᠤ ᠠᠯᠪᠠᠲᠠᠯᠭ᠎ᠠ ᠶᠢᠨ ᠲᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠣ ᠲᠣᠭᠠᠨ ᠤ ᠬᠡᠪᠴᠢᠶᠡᠨ ᠲᠣᠲᠣᠷ᠎ᠠ ᠲᠦᠯᠦᠵᠦ ᠦᠭᠬᠦᠨ᠎ᠡ᠃ ᠬᠦᠷᠬᠦ ᠦᠭᠡᠢ ᠬᠡᠰᠡᠭ ᠲᠤᠨᠢ ᠮᠠᠰᠢᠨᠲᠤ ᠲᠡᠷᠭᠡᠨ ᠤ ᠬᠡᠷᠡᠭᠯᠡᠭᠴᠢ   ᠠᠴᠠ  ᠲᠦᠯᠦᠬᠦ  ᠬᠠᠷᠢᠭᠤᠴᠠᠯᠭ᠎ᠠ  ᠡᠬᠦᠷᠭᠡᠯᠡᠨ᠎ᠡ︔ ᠮᠠᠰᠢᠨᠲᠦ ᠲᠡᠷᠭᠡᠨ ᠤ ᠦᠮᠴᠢᠯᠡᠭᠴᠢ ᠨᠢ ᠬᠤᠬᠢᠷᠠᠯ ᠤᠨ ᠡᠬᠦᠰᠬᠦ ᠳᠤ ᠣᠰᠣᠯ   ᠲᠠᠢ  ᠪᠠᠶᠢᠪᠠᠯ  ᠵᠣᠬᠢᠴᠠᠩᠭᠤᠢ  ᠲᠦᠯᠦᠬᠦ  ᠬᠠᠷᠢᠭᠤᠴᠠᠯᠭ᠎ᠠ ᠡᠬᠦᠷᠭᠡᠯᠡᠨ᠎ᠡ᠃ ᠡᠨᠡ ᠨᠢ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠲᠠᠯ ᠠᠴᠠ ᠪᠣᠯᠵᠤ ᠮᠠᠰᠢᠨᠲᠤ ᠲᠡᠷᠭᠡᠨ   ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ  ᠭᠠᠷᠣᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠶᠢ ᠬᠡᠷᠬᠢᠨ ᠡᠬᠦᠷᠭᠡᠯᠡᠬᠦ ᠲᠣᠬᠠᠢ ᠬᠠᠣᠯᠢ ᠶᠢᠨ ᠲᠣᠭᠲᠠᠭᠠᠯ ᠪᠣᠯᠣᠨ᠎ᠡ ᠃        ᠲᠣᠰ ᠬᠡᠷᠡᠭ ᠲᠤ᠂ ᠪᠠᠷᠠᠭᠠᠨ ᠲᠡᠷᠭᠡ ᠶᠢ ᠪᠠᠲᠠᠷᠴᠢ ᠲᠣᠵᠢ ᠬᠠᠮᠢᠶᠠᠷᠣᠨ ᠬᠡᠷᠡᠭᠯᠡᠵᠦ᠂ ᠲᠦᠭᠵᠢᠯ ᠬᠡᠨᠡᠲᠡᠯ  ᠡᠬᠦᠰᠬᠦ   ᠳᠤ ᠣᠰᠣᠯ ᠦᠭᠡᠢ ᠪᠣᠯᠬᠤᠷ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠦᠭᠡᠢ᠃ ᠡᠶᠢᠮᠣ ᠠᠴᠠ ᠢᠲᠡᠭᠡᠯᠲᠣ᠂ ᠪᠠᠲᠠᠷᠴᠢ ᠪᠠᠷ ᠲᠦᠯᠦᠬᠦᠯᠬᠦ ᠪᠠᠷ ᠱᠠᠭᠠᠷᠲᠠᠪᠠᠯ ᠵᠣᠬᠢᠨ᠎ᠡ᠃         ︿ᠬᠤᠯᠪᠣᠬᠲᠠᠯ ᠪᠦᠬᠦᠢ ᠬᠠᠣᠯᠢ ᠶᠢᠨ ᠬᠡᠯᠬᠢᠶᠡᠰᠣ﹀᠄ ︽ᠪᠦᠬᠦᠲᠡ ᠨᠠᠶᠢᠷᠠᠮᠳᠠᠬᠤ ᠳᠣᠮᠲᠠᠲᠣ ᠠᠷᠠᠳ ᠣᠯᠣᠰ ᠤᠨ ᠡᠷᠬᠡ ᠳᠤ ᠬᠠᠯᠲᠠᠭᠰᠠᠨ ᠬᠠᠷᠢᠭᠤᠴᠠᠯᠭ᠎ᠠ ᠶᠢᠨ ᠬᠠᠣᠯᠢ︾ ᠶᠢᠨ ᠲᠦᠴᠢ ᠶᠢᠰᠦᠳᠦᠭᠡᠷ ᠵᠦᠢᠯ   ᠳᠤ᠄ ︽ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠲᠠᠯ ᠠᠴᠠ ᠪᠣᠯᠵᠤ ᠮᠠᠰᠢᠨᠲᠤ ᠲᠡᠷᠭᠡᠨ ᠤ ᠦᠮᠴᠢᠯᠡᠭᠴᠢ ᠪᠡ ᠬᠡᠷᠡᠭᠯᠡᠭᠴᠢ ᠨᠢ ᠨᠢᠭᠡ ᠯᠡ ᠬᠦᠮᠦᠨ ᠪᠢᠰᠢ ᠪᠠᠶᠢᠬᠤ ᠦᠶ᠎ᠡ ᠳᠤ᠂ ᠵᠠᠮ ᠬᠠᠷᠢᠯᠴᠠᠭᠠᠨ ᠤ ᠭᠡᠨᠡᠲᠡᠯ ᠭᠠᠷᠴᠦ᠂ ᠲᠣᠰ ᠮᠠᠰᠢᠨᠲᠤ ᠲᠡᠷᠭᠡ ᠶᠢᠨ  ᠲᠠᠯ᠎ᠠ   ᠶᠢᠨ ᠬᠢᠨ ᠤ ᠬᠠᠷᠢᠭᠤᠴᠠᠯᠭ᠎ᠠ ᠠᠴᠠ ᠪᠣᠯᠣᠬᠰᠠᠨ ᠪᠠᠶᠢᠪᠠᠯ᠂ ᠲᠠᠭᠠᠳᠬᠠᠯ ᠤᠨ ᠺᠣᠮᠫᠠᠨᠢ ᠠᠴᠠ ᠮᠠᠰᠢᠨᠲᠤ ᠲᠡᠷᠭᠡᠨ ᠤ ᠠᠯᠪᠠᠲᠠᠯᠭ᠎ᠠ ᠶᠢᠨ ᠲᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠣ ᠲᠣᠭᠠᠨ  ᠤ ᠬᠡᠪᠴᠢᠶᠡᠨ ᠲᠣᠲᠣᠷ᠎ᠠ ᠲᠦᠯᠦᠵᠦ ᠦᠭᠬᠦᠨ᠎ᠡ᠃ ᠬᠦᠷᠬᠦ ᠦᠭᠡᠢ ᠬᠡᠰᠡᠭ ᠲᠤᠨᠢ ᠮᠠᠰᠢᠨᠲᠤ ᠲᠡᠷᠭᠡᠨ ᠤ ᠬᠡᠷᠡᠭᠯᠡᠭᠴᠢ  ᠠᠴᠠ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ︔  ᠮᠠᠰᠢᠨᠲᠦ ᠲᠡᠷᠭᠡᠨ ᠤ ᠦᠮᠴᠢᠯᠡᠭᠴᠢ ᠨᠢ ᠬᠤᠬᠢᠷᠠᠯ ᠤᠨ ᠡᠬᠦᠰᠬᠦ  ᠳᠤ  ᠣᠰᠣᠯ ᠲᠠᠢ ᠪᠠᠶᠢᠪᠠᠯ ᠵᠣᠬᠢᠴᠠᠩᠭᠤᠢ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ︾   ᠭᠡᠵᠦ ᠲᠣᠬᠲᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号