ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠢᠶᠠᠩ ᠵᠢᠶᠠᠨ ᠪᠥᠸᠧ︶ | ᠥᠴᠥᠭᠡᠳᠦᠷ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠬᠤᠲᠠ ᠶᠢᠨ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠪᠠ ᠨᠡᠶᠢᠭᠡᠮ ᠤᠨ ᠡᠯ᠎ᠡ ᠳᠠᠪᠬᠤᠷᠭ᠎ᠠ᠂ ᠡᠯ᠎ᠡ ᠬᠦᠷᠢᠶ᠎ᠡ ᠴᠠᠷᠠᠭ᠎ᠠ ᠶᠢᠨ ᠬᠢᠨ | ᠪᠦᠭᠦᠳᠡᠭᠡᠷ ᠢᠶᠠᠨ ᠴᠢᠷᠮᠠᠶᠢᠨ᠂ ᠬᠠᠮᠲᠤᠪᠠᠷ ᠲᠡᠮᠡᠴᠡᠭᠰᠡᠨ ᠢᠶᠠᠷ᠂ ᠣᠳᠣᠬᠠᠨ ᠳᠤ 2019 ᠣᠨ ᠤ ᠡᠬᠢᠨ ᠳᠤ | ᠳᠠᠩᠰᠠᠯᠠᠵᠤ ᠺᠠᠷᠲᠯᠠᠭᠰᠠᠨ ᠶᠠᠳᠠᠭᠤ ᠠᠴᠠ ᠠᠩᠭᠢᠵᠢᠷᠠᠭᠠᠳᠤᠢ ᠦᠯᠡᠳᠡᠭᠰᠡᠨ 260 ᠡᠷᠦᠬᠡ᠂ 588 ᠬᠥᠮᠥᠨ | ᠨᠢᠭᠡᠨᠲᠡ ︽ᠲᠣᠰᠬᠤᠨ ᠤ ᠠᠷᠠᠳ ᠤᠨ ᠵᠥᠪᠯᠡᠯ ᠠᠴᠠ ᠨᠡᠷ᠎ᠡ ᠳᠤᠷᠠᠳᠬᠤ᠂ ᠬᠠᠷᠭᠤᠭᠤᠯᠤᠨ ᠨᠤᠲᠠᠯᠠᠬᠤ᠂ | ᠲᠣᠰᠬᠤᠨ ᠳᠠᠭᠠᠨ ᠵᠠᠷᠯᠠᠬᠤ᠂ ᠰᠢᠶᠠᠩ ᠪᠠᠯᠭᠠᠰᠤᠨ ᠳᠤ ᠵᠠᠷᠯᠠᠬᠤ ᠂ ᠳᠠᠬᠢᠨ ᠬᠠᠷᠭᠤᠭᠤᠯᠤᠨ ᠮᠡᠳᠡᠭᠡᠯᠡᠬᠦ᠂ | ᠡᠷᠦᠬᠡ ᠳᠤ ᠣᠷᠤᠵᠤ ᠮᠡᠳᠡᠭᠳᠡᠬᠦ᠂ ᠶᠠᠳᠠᠭᠤ ᠠᠴᠠ ᠠᠩᠭᠢᠵᠢᠷᠠᠭᠰᠠᠨ ᠢ ᠲᠡᠮᠳᠡᠭᠯᠡᠬᠦ᠂ ᠰᠢᠰᠲ᠋ᠧᠮ ᠳᠤ ᠣᠷᠣᠭᠤᠯᠬᠤ︾ | ᠶᠠᠳᠠᠭᠤ ᠠᠴᠠ ᠠᠩᠭᠢᠵᠢᠷᠠᠬᠤ ᠳᠠᠷᠠᠭᠠᠯᠠᠯ ᠢ ᠴᠢᠩᠭ᠎ᠠ ᠭᠦᠢᠴᠡᠳᠬᠡᠨ᠂ ᠪᠦᠬᠦᠨ ᠢᠶᠠᠷ ᠢᠶᠠᠨ ᠶᠠᠳᠠᠭᠤ ᠠᠴᠠ | ᠠᠩᠭᠢᠵᠢᠷᠠᠵᠤ᠂ ᠥᠪᠡᠷᠲᠡᠭᠡᠨ ᠵᠠᠰᠠᠬᠤ ᠣᠷᠣᠨ ᠤ ᠣᠨ ᠤ ᠡᠬᠢᠨ ᠳᠤ ᠪᠠᠭᠤᠯᠭᠠᠭᠰᠠᠨ ᠶᠠᠳᠠᠭᠤ ᠶᠢᠨ ᠲᠤᠭ᠎ᠠ ᠶᠢ | ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠬᠤᠲᠠ ᠶᠢᠨ ᠬᠡᠪᠴᠢᠶᠡᠨ ᠳᠠᠬᠢ ᠬᠠᠷᠢᠴᠠᠯᠠᠰᠢᠭᠦᠢ | ᠶᠠᠳᠠᠭᠤ ᠬᠦᠴᠢᠷᠳᠡᠯ ᠢ ᠪᠦᠬᠦ ᠲᠠᠯ᠎ᠠ ᠪᠠᠷ ᠠᠷᠢᠯᠭᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠠᠴᠠ ᠲᠥᠪ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ | ᠲᠤᠭᠤᠰᠢᠯᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠦᠬᠦ | ᠬᠦᠴᠦᠨ ᠢᠶᠠᠷ ᠢᠶᠠᠨ ᠪᠡᠶᠡᠯᠡᠭᠦᠯᠵᠦ᠂ ᠤᠳᠤᠬᠠᠨ ᠤ ᠪᠦᠬᠦ ᠲᠠᠯ᠎ᠠ ᠪᠠᠷ ︽ ᠡᠷᠬᠢᠨ ᠬᠠᠷᠠᠬᠤ︾ ᠡᠯ᠎ᠡ ᠵᠦᠢᠯ ᠤᠨ | ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ ᠂ ᠵᠥᠷᠢᠶ᠎ᠡ ᠪᠠᠨ ᠡᠷᠢᠵᠦ ᠂ ᠳᠤᠲᠠᠭᠤᠳᠠᠯ ᠢᠶᠠᠨ ᠨᠦᠬᠦᠪᠦᠷᠢᠯᠡᠨ᠂ | ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠨᠢᠭᠡᠳ ᠨᠢᠭᠡ ᠪᠠᠷ ᠲᠦᠯᠬᠢᠨ ᠠᠬᠢᠭᠤᠯᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠬᠦ ᠶᠢ ᠨᠢᠭᠡ ᠨᠢᠭᠡ ᠵᠤᠷᠪᠤᠰ ᠢᠶᠠᠷ ᠲᠦᠯᠬᠢᠨ ᠠᠬᠢᠭᠤᠯᠵᠤ᠂ ᠬᠤᠲᠠ ᠶᠢᠨ | ᠨᠠᠮ ᠤᠨ ᠬᠤᠷᠢᠶ᠎ᠠ ᠶᠢᠨ ᠢᠲᠡᠭᠡᠯ ᠪᠠ ᠣᠯᠠᠨ ᠲᠦᠮᠡᠨ ᠤ ᠬᠦᠰᠡᠯ ᠨᠠᠶᠢᠳᠠᠯᠭ᠎ᠠ ᠢ ᠥᠴᠦᠭᠡᠨ ᠴᠦ ᠬᠥᠰᠡᠷᠳᠡᠭᠦᠯᠬᠦ | ᠦᠭᠡᠢ ᠪᠠᠷ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ | ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ |