ᠹᠧᠩ ᠶᠧ ᠬᠤᠣᠰ ᠬᠡᠯᠡᠨ ᠤ ᠰᠤᠷᠭᠠᠭᠤᠯᠢ᠂ ᠬᠤᠷᠢᠨᠭᠡᠷ ᠰᠢᠨ᠎ᠡ ᠲᠣᠭᠤᠷᠢᠭ ᠲᠤ ᠪᠠᠢᠭᠤᠯᠤᠭᠳᠠᠵᠠᠢ︕
ᠨᠡᠶᠢᠲᠡᠯᠡᠭᠰᠡᠨ ᠴᠠᠭ᠄
2020/1/3
     12 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠡᠮᠦᠨ᠎ᠡ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠶᠢᠰᠦᠨ ᠵᠢᠯ ᠤᠨ ᠳᠦᠷᠢᠮᠲᠦ ᠬᠤᠣᠰ ᠬᠡᠯᠡᠨ ᠤ ᠰᠤᠷᠭᠠᠭᠤᠯᠢ — ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠹᠧᠩ ᠶᠧ ᠬᠤᠣᠰ ᠬᠡᠯᠡᠨ ᠤ ᠰᠤᠷᠭᠠᠭᠤᠯᠢ ᠪᠠᠶᠢᠭᠤᠯᠤᠭᠳᠠᠭᠰᠠᠨ ᠢ ᠨᠡᠶᠢᠲᠡᠯᠡᠪᠡ᠃
     ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠦ ᠵᠢᠶᠠᠨ ᠭᠦᠸᠧ ᠹᠧᠩ ᠶᠧ ᠰᠤᠷᠭᠠᠭᠤᠯᠢ ᠰᠢᠨ᠎ᠡ ᠲᠣᠭᠤᠷᠢᠭ ᠲᠤ ᠪᠠᠶᠢᠭᠤᠯᠤᠭᠳᠠᠭᠰᠠᠨ ᠢ ᠨᠡᠶᠢᠲᠡᠯᠡᠪᠡ      ᠹᠧᠩ ᠶᠧ ᠰᠤᠷᠭᠠᠨ ᠬᠥᠮᠦᠵᠢᠯ ᠤᠨ ᠪᠦᠯᠦᠭᠯᠡᠯ ᠨᠢ ᠳᠤᠮᠳᠠᠳᠤ ᠤᠯᠤᠰ ᠤᠨ ᠣᠯᠠᠨ ᠤᠯᠤᠰ ᠤᠨ ᠰᠤᠷᠭᠠᠨ ᠬᠥᠮᠦᠵᠢᠯ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ 25 ᠵᠢᠯ ᠤᠨ ᠰᠤᠷᠭᠠᠭᠤᠯᠢ ᠡᠷᠬᠢᠯᠡᠭᠰᠡᠨ ᠲᠤᠷᠰᠢᠯᠭ᠎ᠠ ᠲᠠᠢ᠂ ᠣᠳᠣᠬᠠᠨ ᠳᠤ ᠪᠦᠬᠦ ᠤᠯᠤᠰ ᠤᠨ ᠡᠯ᠎ᠡ ᠭᠠᠵᠠᠷ ᠲᠤ ᠨᠢᠭᠡᠨᠲᠡ 100 ᠰᠤᠷᠭᠠᠭᠤᠯᠢ ᠡᠷᠬᠢᠯᠡᠵᠦ᠂ ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠡᠷᠬᠢᠯᠡᠭᠰᠡᠨ ᠢᠶᠠᠷ ᠡᠷᠲᠡ᠂ ᠬᠡᠪᠴᠢᠶ᠎ᠡ ᠪᠠᠷ ᠶᠡᠭᠡ ︽ᠬᠤᠤᠰ ᠬᠡᠯᠡᠨ︾ ᠤ ᠣᠨᠴᠠᠯᠢᠭᠲᠤ ᠰᠤᠷᠭᠠᠭᠤᠯᠢ ᠡᠷᠬᠢᠯᠡᠬᠦ ᠪᠠᠶᠢᠭᠤᠯᠤᠮᠵᠢ ᠪᠣᠯᠤᠨ᠎ᠠ᠂ ᠨᠢᠭᠡᠨᠲᠡ ᠳᠤᠮᠳᠠᠳᠤ ᠤᠯᠤᠰ ᠤᠨ ᠨᠥᠯᠥᠭᠡᠯᠡᠬᠦ ᠬᠦᠴᠦᠨ ᠲᠠᠢ ᠣᠯᠠᠨ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠨᠡᠷᠡᠲᠦ ᠲᠡᠮᠳᠡᠭ ᠪᠣᠯᠤᠭᠰᠠᠨ ᠪᠠᠶᠢᠨ᠎ᠠ᠃      ᠬᠤᠷᠢᠨᠭᠡᠷ ᠰᠢᠨ᠎ᠡ ᠲᠣᠭᠤᠷᠢᠭ ᠤᠨ ᠹᠧᠩ ᠶᠧ ᠰᠤᠷᠭᠠᠭᠤᠯᠢ ᠪᠣᠯ ᠹᠧᠩ ᠶᠧ ᠰᠢᠰᠲ᠋ᠧᠮᠵᠢ ᠶᠢᠨ 101 ᠳ᠋ᠦ᠋ᠭᠡᠷ ᠰᠤᠷᠭᠠᠭᠤᠯᠢ ᠪᠣᠯᠤᠨ᠎ᠠ᠃ ᠰᠤᠷᠭᠠᠭᠤᠯᠢ ᠨᠢ ᠰᠢᠨ᠎ᠡ ᠲᠣᠭᠤᠷᠢᠭ ᠤᠨ ᠣᠯᠠᠨ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠨ᠂ ᠹᠧᠩ ᠶᠧ ᠰᠤᠷᠭᠠᠨ ᠬᠥᠮᠦᠵᠢᠯ ᠤᠨ ᠪᠦᠯᠦᠭᠯᠡᠯ ᠨᠢ ᠰᠤᠷᠭᠠᠭᠤᠯᠢ ᠶᠢᠨ ᠡᠵᠡᠩᠨᠡᠯᠲᠡ ᠪᠠ ᠬᠠᠮᠢᠶᠠᠷᠤᠯᠲᠠ ᠶᠢ ᠬᠠᠷᠢᠭᠤᠴᠠᠵᠤ᠂ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠭᠠᠳᠠᠭᠠᠳᠤ ᠶᠢᠨ ᠬᠠᠷᠢᠶᠠᠲᠤ ᠬᠥᠮᠦᠰ ᠤᠨ ᠦᠷ᠎ᠡ ᠬᠡᠤᠬᠡᠳ ᠤᠨ ᠰᠤᠷᠭᠠᠭᠤᠯᠢ ᠭᠡᠵᠦ ᠲᠠᠪᠤᠨ ᠬᠡᠰᠡᠭ ᠬᠤᠪᠢᠶᠠᠵᠤ᠂ 4550 ᠰᠢᠯᠢᠳᠡᠭ ᠡᠷᠳᠡᠮ ᠤᠨ ᠴᠣᠯᠠ ᠬᠠᠩᠭᠠᠵᠤ ᠪᠣᠯᠤᠨ᠎ᠠ᠃
     ᠬᠤᠷᠢᠨᠭᠡᠷ ᠰᠢᠨ᠎ᠡ ᠲᠣᠭᠤᠷᠢᠭ ᠤᠨ ᠹᠧᠩ ᠶᠧ ᠰᠤᠷᠭᠠᠭᠤᠯᠢ ᠶᠢᠨ ︵ᠡᠮᠦᠨᠡᠬᠢ ᠬᠤᠭᠤᠴᠠᠭ᠎ᠠ︶ ᠲᠥᠯᠥᠪᠯᠡᠭᠡᠨ ᠤ ᠵᠢᠷᠤᠭ
     ᠬᠤᠷᠢᠨᠭᠡᠷ ᠰᠢᠨ᠎ᠡ ᠲᠣᠭᠤᠷᠢᠭ ᠤᠨ ᠹᠧᠩ ᠶᠧ ᠰᠤᠷᠭᠠᠭᠤᠯᠢ ︵ᠡᠮᠦᠨᠡᠬᠢ ᠬᠤᠭᠤᠴᠠᠭ᠎ᠠ︶ ᠶᠢᠨ ᠪᠦᠲᠦᠭᠡᠨ ᠪᠠᠢᠭᠤᠯᠤᠯᠲᠠ ᠶᠢᠨ ᠰᠡᠭᠦᠳᠡᠷ
     ᠬᠤᠷᠢᠨᠭᠡᠷ ᠰᠢᠨ᠎ᠡ ᠲᠣᠭᠤᠷᠢᠭ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ      ᠰᠤᠷᠭᠠᠭᠤᠯᠢ ᠨᠢ 2020 ᠣᠨ ᠤ 9 ᠳ᠋ᠦ᠋ᠭᠡᠷ ᠰᠠᠷ᠎ᠠ ᠠᠴᠠ ᠡᠬᠢᠯᠡᠨ ᠰᠣᠷᠣᠭᠴᠢ ᠡᠯᠰᠡᠵᠦ᠂ ᠪᠠᠭ᠎ᠠ ᠰᠤᠷᠭᠠᠭᠤᠯᠢ ᠶᠢᠨ ᠪᠡᠯᠡᠳᠬᠡᠯ ᠠᠩᠭᠢ᠂ ᠪᠠᠭ᠎ᠠ ᠰᠤᠷᠭᠠᠭᠤᠯᠢ ᠶᠢᠨ ᠨᠢᠭᠡ ᠠᠴᠠ ᠵᠢᠷᠭᠤᠳᠤᠭᠠᠷ ᠣᠨ᠂ ᠠᠩᠬ᠎ᠠ ᠳᠤᠮᠳᠠᠳᠤ ᠶᠢᠨ ᠳᠣᠯᠣᠳᠤᠭᠠᠷ ᠣᠨ ᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠢ ᠤᠷᠢᠳᠠᠪᠠᠷ ᠡᠯᠰᠡᠨ᠎ᠡ᠃ ᠣᠳᠣᠬᠠᠨ ᠳᠤ᠂ ᠡᠯ᠎ᠡ ᠵᠦᠢᠯ ᠤᠨ ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃      ᠲᠤᠰ ᠤᠳᠠᠭᠠᠨ ᠤ ᠬᠤᠤᠰ ᠬᠡᠯᠡᠨ ᠤ ᠣᠨᠴᠠᠯᠢᠭ ᠲᠠᠢ ᠹᠧᠩ ᠶᠧ ᠰᠤᠷᠭᠠᠨ ᠬᠥᠮᠦᠵᠢᠯ ᠬᠤᠷᠢᠨᠭᠡᠷ ᠰᠢᠨ᠎ᠡ ᠲᠣᠭᠤᠷᠢᠭ ᠲᠤ ᠰᠠᠭᠤᠷᠢᠰᠢᠭᠰᠠᠨ ᠨᠢ ᠬᠥᠬᠡᠬᠤᠲᠠ ᠶᠢᠨ ᠣᠷᠣᠨ ᠪᠦᠰᠡ ᠶᠢᠨ ᠣᠯᠠᠨ ᠤᠯᠤᠰ ᠤᠨ ᠰᠤᠷᠭᠠᠨ ᠬᠥᠮᠦᠵᠢᠯ ᠤᠨ ᠬᠤᠭᠤᠰᠣᠨ ᠢ ᠨᠥᠬᠦᠪᠥᠷᠢᠯᠡᠬᠦ ᠪᠠᠷ ᠪᠠᠷᠠᠬᠤ ᠥᠬᠡᠶ᠂ ᠨᠠᠩ ᠴᠤ ᠬᠤᠲᠠ ᠶᠢᠨ ᠠᠷᠠᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠣᠩᠭᠤᠬᠤ ᠲᠠᠯ᠎ᠠ ᠪᠠᠷ ᠬᠢ ᠣᠯᠠᠨ ᠲᠠᠰ ᠳᠠᠪᠬᠤᠷᠭ᠎ᠠ᠂ ᠥᠪᠡᠷᠮᠢᠴᠡ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠬᠤᠷᠢᠨᠭᠡᠷ ᠰᠢᠨ᠎ᠡ ᠲᠣᠭᠤᠷᠢᠭ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠯᠠᠨ ᠡᠰᠢᠵᠢᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠳᠡᠭᠡᠷ᠎ᠡ᠂ ᠰᠤᠷᠭᠠᠨ ᠬᠥᠮᠦᠵᠢᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢᠨ ᠬᠠᠮᠲᠤ ᠨᠡᠷᠡᠲᠦ ᠬᠦᠴᠦᠷᠬᠡᠭ ᠰᠤᠷᠭᠠᠭᠤᠯᠢ ᠶᠢ ᠢᠳᠡᠪᠬᠢᠲᠡᠢ ᠲᠡᠳᠡᠨ ᠣᠷᠣᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠰᠤᠷᠭᠠᠨ ᠬᠥᠮᠦᠵᠢᠯ ᠤᠨ ᠴᠢᠨᠠᠷ ᠳᠡᠰ ᠢ ᠳᠡᠭᠡᠭᠰᠢᠯᠡᠭᠦᠯᠦᠨ᠂ ︿ᠶᠠᠰᠤ ᠴᠢᠨᠠᠷ﹀ ᠪᠠ ︿ᠲᠤᠭ᠎ᠠ ᠬᠡᠮᠵᠢᠶ᠎ᠡ﹀ ᠶᠢᠨ ᠨᠢᠭᠡᠳᠦᠯ ᠢ ᠪᠡᠶᠡᠯᠡᠭᠦᠯᠦᠨ᠎ᠡ᠃     ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠹᠧᠩ ᠶᠧ ᠬᠤᠤᠰ ᠬᠡᠯᠡᠨ ᠤ ᠰᠤᠷᠭᠠᠭᠤᠯᠢ ᠳᠤ ᠣᠷᠣᠶ᠎ᠠ
     ᠹᠧᠩ ᠶᠧ ᠰᠤᠷᠭᠠᠨ ᠬᠥᠮᠦᠵᠢᠯ ᠤᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠷᠧᠨ ᠱᠥ ᠯᠢᠶᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠲᠠᠨᠢᠯᠴᠠᠭᠤᠯᠭ᠎ᠠ ᠬᠢᠪᠡ      2020 ᠣᠨ ᠤ 9 ᠳ᠋ᠦ᠋ᠭᠡᠷ ᠰᠠᠷ᠎ᠠ ᠳᠤ᠂ ᠲᠥᠯᠥᠪᠯᠡᠭᠡ ᠶᠢ ᠦᠨᠳᠦᠰᠦᠯᠡᠪᠡᠯ᠂ ᠹᠧᠩ ᠶᠧ ᠬᠤᠤᠰ ᠬᠡᠯᠡᠨ ᠤ ᠰᠤᠷᠭᠠᠭᠤᠯᠢ ᠨᠢ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠢ ᠤᠷᠢᠳᠠᠪᠠᠷ ᠨᠡᠬᠡᠬᠡᠨ᠎ᠡ᠃ ᠹᠧᠩ ᠶᠧ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠲᠦᠷᠦᠯ ᠢ ᠪᠦᠷᠢᠨ ᠨᠡᠬᠡᠬᠡᠭᠰᠡᠨ ᠰᠠᠭᠤᠷᠢᠨ ᠳᠡᠭᠡᠷ᠎ᠡ᠂ ᠠᠩᠭ᠍ᠯᠢ ᠬᠡᠯᠡᠨ ᠤ ᠣᠨᠴᠠᠯᠢᠭ ᠢ ᠳᠣᠪᠤᠶᠢᠯᠭᠠᠵᠤ᠂ ᠶᠠᠲᠤᠭ᠎ᠠ ᠰᠢᠲᠠᠷ᠎ᠠ ᠪᠢᠴᠢᠭ ᠵᠢᠷᠤᠭ ᠢ ᠪᠥᠬᠦ ᠲᠠᠯ᠎ᠠ ᠪᠠᠷ ᠬᠥᠭᠵᠢᠭᠦᠯᠦᠨ᠎ᠡ᠃ ᠠᠩᠭ᠍ᠯᠢ ᠬᠡᠯᠡ ᠶᠢ ᠭᠠᠷᠠᠭ ᠪᠦᠷᠢ 10 ᠬᠢᠴᠢᠶᠡᠯ ᠲᠣᠬᠢᠷᠠᠭᠤᠯᠵᠤ᠂ ᠡᠭᠦᠨ ᠳᠤ ᠳᠤᠮᠳᠠᠳᠤ ᠶᠢᠨ ᠪᠠᠭᠰᠢ ᠶᠢᠨ 5 ᠬᠢᠴᠢᠶᠡᠯ᠂ ᠭᠠᠳᠠᠭᠠᠳᠤ ᠶᠢᠨ ᠪᠠᠭᠰᠢ ᠶᠢᠨ 5 ᠬᠢᠴᠢᠶᠡᠯ ᠪᠠᠶᠢᠵᠤ᠂ ᠲᠡᠰ ᠬᠤᠪᠢᠶᠠᠨ ᠵᠢᠭᠠᠨ ᠰᠤᠷᠭᠠᠬᠤ ᠶᠢ ᠬᠡᠷᠡᠭᠵᠢᠭᠦᠯᠦᠨ᠎ᠡ︔ ᠪᠠᠭ᠎ᠠ ᠰᠤᠷᠭᠠᠭᠤᠯᠢ ᠶᠢᠨ ᠦᠭᠡᠰ ᠤᠨ ᠰᠠᠩ ᠤᠨ ᠬᠡᠮᠵᠢᠶ᠎ᠡ 3000 ᠠᠴᠠ ᠳᠡᠭᠡᠭᠰᠢ ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠭᠡᠰ ᠤᠨ ᠰᠠᠩ ᠤᠨ ᠬᠡᠮᠵᠢᠶ᠎ᠡ 5000 ᠶᠢ ᠳᠠᠪᠠᠵᠤ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠠᠩᠭ᠍ᠯᠢ ᠬᠡᠯᠡᠨ ᠤ ᠰᠠᠭᠤᠷᠢ ᠶᠢ ᠨᠢ ᠪᠠᠬᠢᠵᠢᠭᠦᠯᠵᠦ᠂ ᠰᠤᠷᠤᠭᠴᠢᠳ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠠᠩᠭ᠍ᠯᠢ ᠬᠡᠯᠡ ᠪᠠᠷ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠰᠤᠷᠬᠤ ᠴᠢᠳᠠᠪᠤᠷᠢ ᠲᠠᠢ ᠪᠣᠯᠭᠠᠬᠤ ᠪᠠᠷ ᠵᠣᠷᠢᠵᠤ ᠪᠠᠶᠢᠨ᠎ᠠ᠃      ᠬᠤᠷᠢᠨᠭᠡᠷ ᠰᠢᠨ᠎ᠡ ᠲᠣᠭᠤᠷᠢᠭ ᠤᠨ ᠹᠧᠩ ᠶᠧ ᠰᠤᠷᠭᠠᠭᠤᠯᠢ 2021 ᠣᠨ 9 ᠳ᠋ᠦ᠋ᠭᠡᠷ ᠰᠠᠷ᠎ᠠ ᠠᠴᠠ ᠹᠧᠩ ᠶᠧ ᠥᠨᠳᠥᠷ ᠳᠤᠮᠳᠠᠳᠤ ᠶᠢᠨ ᠳᠡᠯᠡᠬᠡᠶ ᠶᠢᠨ ᠰᠤᠷᠭᠠᠭᠤᠯᠢ ᠶᠢᠨ ᠬᠢᠴᠢᠶᠡᠯ ᠨᠡᠭᠡᠭᠡᠵᠦ᠂ ᠰᠤᠷᠬᠤ ᠨᠠᠰᠤᠨ ᠠᠴᠠ ᠡᠮᠦᠨᠡᠬᠢ᠂ ᠭᠠᠳᠠᠭᠠᠳᠤ ᠶᠢᠨ ᠬᠠᠷᠢᠶ᠎ᠠ ᠲᠠᠢ ᠦᠷ᠎ᠡ ᠬᠡᠤᠬᠡᠳ ᠤᠨ ᠰᠤᠷᠭᠠᠭᠤᠯᠢ ᠶᠢ ᠨᠡᠮᠡᠨ ᠪᠠᠶᠢᠭᠤᠯᠵᠤ᠂ ᠹᠧᠩ ᠶᠧ ᠪᠠᠭ᠎ᠠ ᠠᠩᠬ᠎ᠠ ᠳᠤᠮᠳᠠᠳᠤ ᠥᠨᠳᠥᠷ ᠳᠤᠮᠳᠠᠳᠤ ᠠᠷᠪᠠᠨ ᠬᠤᠶᠠᠷ ᠵᠢᠯ ᠤᠨ ᠳᠥᠷᠢᠮᠲᠦ ᠪᠠ ᠪᠦᠷᠢᠨ ᠲᠡᠭᠦᠯᠳᠡᠷ ᠬᠢᠴᠢᠶᠡᠯ ᠲᠦᠷᠦᠯ ᠤᠨ ᠰᠢᠰᠲ᠋ᠧᠮᠵᠢ ᠶᠢ ᠪᠡᠶᠡᠯᠡᠭᠦᠯᠬᠦ ᠪᠣᠯᠣᠨ᠎ᠠ᠃ ᠹᠧᠩ ᠶᠧ ᠳᠡᠯᠡᠬᠡᠶ ᠶᠢᠨ ᠰᠤᠷᠭᠠᠭᠤᠯᠢ ᠶᠢᠨ ᠬᠢᠴᠢᠶᠡᠯ ᠲᠦᠷᠦᠯ ᠪᠣᠯ ᠹᠧᠩ ᠶᠧ ᠠᠩᠬ᠎ᠠ ᠳᠤᠮᠳᠠᠳᠤ ᠪᠠ ᠦᠨᠳᠦᠷ ᠳᠤᠮᠳᠠᠳᠤ ᠶᠢᠨ ᠬᠢᠴᠢᠶᠡᠯ ᠲᠦᠷᠦᠯ ᠤᠨ 25 ᠵᠢᠯ ᠤᠨ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠳᠤᠮᠳᠠᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠠᠭᠰᠢ ᠶᠢᠨ ᠪᠦᠯᠬᠦᠮ ᠰᠤᠳᠤᠯᠤᠨ ᠨᠡᠭᠡᠭᠡᠵᠦ ᠪᠦᠲᠦᠭᠡᠭᠰᠡᠨ ᠶᠤᠮ᠃ ᠪᠦᠬᠦ ᠪᠥᠮᠪᠥᠷᠴᠡᠭ ᠤᠨ ᠬᠠᠮᠤᠭ ᠤᠨ ᠲᠣᠮᠣ ᠰᠤᠷᠭᠠᠭᠤᠯᠢ ᠶᠢᠨ ᠭᠡᠷᠡᠴᠢᠯᠡᠯ ᠤᠨ ᠪᠠᠶᠢᠭᠤᠯᠤᠮᠵᠢ Cognia ︵ᠤᠤᠯ ᠤᠨ AdvancED︶ ᠶᠢᠨ ᠭᠡᠷᠡᠴᠢᠯᠡᠯ ᠢ ᠣᠯᠵᠤ᠂ ᠪᠦᠬᠦ ᠪᠥᠮᠪᠥᠷᠴᠡᠭ ᠤᠨ ᠶᠡᠭᠡ ᠳᠡᠭᠡᠳᠦ ᠰᠤᠷᠭᠠᠭᠤᠯᠢ ᠶᠢᠨ ᠥᠷᠭᠡᠨ ᠳᠡᠯᠭᠡᠷ ᠵᠥᠪᠰᠢᠶᠡᠷᠡᠯ ᠢ ᠣᠯᠤᠭᠰᠠᠨ ᠪᠠᠢᠨ᠎ᠠ᠃ ᠹᠧᠩ ᠶᠧ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠯᠡᠬᠡᠶ ᠶᠢᠨ ᠰᠤᠷᠭᠠᠭᠤᠯᠢ ᠶᠢᠨ ᠬᠢᠴᠢᠶᠡᠯ ᠲᠦᠷᠦᠯ ᠤᠨ ᠭᠤᠣᠯᠯᠠᠬᠤ ᠦᠵᠡᠯ ᠰᠠᠨᠠᠭ᠎ᠠ ᠨᠢ᠄ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯᠤᠨ ᠦᠨ᠎ᠡ ᠥᠷᠲᠡᠭ ᠢ ᠦᠯᠡᠳᠡᠭᠡᠬᠦ ᠮᠥᠷᠲᠡᠭᠡᠨ ᠪᠠᠰᠠ ᠪᠦᠬᠦ ᠪᠥᠮᠪᠥᠷᠴᠡᠭ ᠤᠨ ᠬᠠᠷᠠᠭᠠᠰᠤ ᠲᠠᠢ ᠪᠣᠯᠭᠠᠵᠤ᠂ ᠬᠤᠣᠰ ᠬᠡᠯᠡᠨ ᠤ ᠬᠤᠣᠰ ᠰᠡᠳᠬᠢᠬᠦᠢ ᠶᠢᠨ ᠬᠥᠮᠦᠵᠢᠭᠦᠯᠬᠦ ᠴᠢᠳᠠᠪᠤᠷᠢ ᠶᠢ ᠬᠠᠪᠰᠤᠷᠭᠠᠨ᠂ ᠠᠩᠭ᠍ᠯᠢ ᠬᠡᠯᠡ ᠪᠠᠷ ᠳᠤᠮᠳᠠᠳᠤ ᠤᠯᠤᠰ ᠤᠨ ᠦᠯᠢᠭᠡᠷ ᠢ ᠳᠠᠮᠵᠢᠭᠤᠯᠵᠤ ᠴᠢᠳᠠᠬᠤ ᠮᠥᠷᠲᠡᠭᠡᠨ ᠪᠠᠰᠠ ᠳᠡᠯᠡᠬᠡᠢ ᠳ᠋ᠠᠬᠢᠨ ᠳᠤ ᠠᠭᠤᠰᠤᠯᠴᠠᠬᠤ ᠪᠥᠭᠡᠳ ᠢᠷᠡᠭᠡᠳᠦᠢ ᠶᠢᠨ ᠳᠡᠯᠡᠬᠡᠢ ᠶᠢᠷᠲᠢᠨᠴᠦ ᠶᠢ ᠤᠳᠤᠷᠢᠳᠬᠤ ᠵᠠᠪᠰᠢᠶᠠᠨ ᠪᠦᠬᠦᠢ ᠬᠡᠪ ᠴᠢᠨᠠᠷ ᠤᠨ ᠴᠢᠳᠠᠪᠤᠷᠢ ᠶᠢ ᠬᠦᠮᠦᠵᠢᠭᠦᠯᠬᠦ ᠳᠤ ᠪᠠᠶᠢᠨ᠎ᠠ᠃
     ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠦ ᠵᠢᠶᠠᠨ ᠭᠦᠸᠧ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠶᠡᠷᠦᠩᠬᠡᠢ ᠵᠢᠯᠣᠭᠤᠳᠤᠭᠴᠢ ᠭᠦᠸᠧ ᠯᠢ᠂ ᠹᠧᠩ ᠶᠧ ᠰᠤᠷᠭᠠᠨ ᠬᠥᠮᠦᠵᠢᠯ ᠤᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠷᠧᠨ ᠱᠦ ᠯᠢᠶᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ