ᠤᠶᠢᠷ᠎ᠠ ᠶᠢᠨ ᠬᠤᠭᠤᠴᠠᠭᠠᠨ ᠳᠤ᠂ ᠰᠢᠨ᠎ᠡ ᠵᠢᠯ᠂ ᠴᠠᠭᠠᠨ ᠰᠠᠷ᠎ᠠ᠂ ︽ᠬᠤᠶᠠᠷ ᠬᠤᠷᠠᠯ︾ ᠵᠡᠷᠭᠡ ᠴᠢᠬᠤᠯᠠ | ᠴᠠᠭ ᠳᠡᠭᠡᠳᠦ ᠬᠡᠮᠵᠢᠶ᠎ᠡ ᠪᠠᠷ ᠲᠥᠪᠯᠡᠷᠡᠵᠦ᠂ ᠠᠷᠪᠠᠨ ᠳᠦᠷᠪᠡᠳᠦᠭᠡᠷ ᠬᠤᠭᠤᠴᠠᠭᠠᠨ ᠤ ᠪᠥᠬᠦ ᠣᠯᠣᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠮᠠᠨ ᠤ ᠬᠤᠲᠠ ᠳᠤ ᠪᠠᠰᠠ ᠲᠥᠷᠥᠯ ᠵᠤᠶᠢᠯ ᠲᠣᠬᠢᠷᠠᠭᠤᠯᠵᠤ᠂ | ᠠᠮᠤᠷ ᠲᠦᠪᠰᠢᠨ ᠢ ᠪᠠᠲᠤᠯᠠᠵᠤ ᠲᠤᠭᠳᠠᠭᠤᠨ ᠢ ᠠᠬᠢᠭᠤᠯᠬᠤ ᠠᠵᠢᠯ ᠤᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ | ᠣᠷᠣᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠵᠢᠯ ᠤᠨ ᠡᠴᠦᠰ ᠣᠨ ᠤ ᠡᠬᠢᠨ ᠪᠠ | ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠶ | ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠪᠠ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠪᠦᠯ ᠬᠠᠪᠤᠷ ᠠᠶᠤᠯᠭᠦᠶ ᠦᠢᠯᠡᠳᠪᠦᠷᠢᠯᠡᠯ ᠤᠨ ᠵᠠᠭᠤᠨ ᠡᠳᠦᠷ ᠤᠨ | ᠶᠡᠭᠡ ᠪᠠᠶᠢᠴᠠᠭᠠᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠦᠷᠨᠢᠭᠦᠯᠪᠡ᠃ | | | | | | 2019 ᠣᠨ ᠤ 12 ᠰᠠᠷ᠎ᠠ ᠶᠢᠨ 30 ᠤ ᠡᠳᠦᠷ ᠠᠴᠠ ᠡᠬᠢᠯᠡᠨ ᠬᠦᠬᠡᠬᠤᠲᠠ ᠠᠴᠠ ᠪᠡᠭᠡᠵᠢᠩ ᠳᠤ ᠬᠦᠷᠬᠦ | ᠳᠡᠭᠡᠳᠦ ᠬᠤᠷᠳᠤᠴᠠᠲᠤ ᠲᠡᠮᠦᠷ ᠵᠠᠮ ᠵᠢᠩᠬᠢᠨᠢ ᠪᠠᠷ ᠨᠡᠪᠲᠡᠷᠡᠵᠦ᠂ ᠰᠢᠨ᠎ᠡ ᠬᠤᠲᠠ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠬᠡᠬᠤᠲᠠ ᠶᠢᠨ ᠭᠠᠯᠲᠤ ᠲᠡᠷᠭᠡᠨ ᠤ ᠵᠡᠭᠦᠨ | ᠥᠷᠲᠡᠭᠡ ᠶᠢᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠵᠤ᠂ ᠬᠦᠬᠡᠬᠤᠲᠠ ᠶᠢᠨ ᠵᠡᠭᠦᠨ ᠥᠷᠲᠡᠭᠡ ᠶᠢᠨ ᠬᠠᠷᠢᠭᠤᠴᠠᠯᠭᠠᠲᠠᠨ ᠺᠠᠩ ᠯᠢ ᠴᠠᠬᠢᠯᠭᠠᠨ ᠱᠠᠲᠤ ᠶᠢ ᠰᠡᠯᠪᠢᠨ | ᠵᠠᠰᠠᠵᠤ ᠬᠠᠮᠠᠭᠠᠯᠠᠬᠤ ᠨᠢᠭᠡᠴᠡ ᠶᠢᠨ ᠠᠵᠢᠯᠲᠠᠨ ᠪᠣᠯᠤᠨ ᠮᠧᠩ ᠳ᠋ᠢ ᠴᠠᠬᠢᠯᠭᠠᠨ ᠱᠠᠲᠤ ᠶᠢ ᠰᠡᠯᠪᠢᠨ ᠵᠠᠰᠠᠵᠤ | ᠬᠠᠮᠠᠭᠠᠯᠠᠬᠤ ᠨᠢᠭᠡᠴᠡ ᠶᠢᠨ ᠠᠵᠢᠯᠲᠠᠨ ᠲᠠᠢ ᠬᠠᠷᠢᠯᠴᠠᠵᠤ ᠬᠠᠮᠵᠢᠯᠴᠠᠨ ᠪᠠᠶᠢᠴᠠᠭᠠᠵᠤ᠂ ᠰᠡᠯᠪᠢᠨ ᠵᠠᠰᠠᠵᠤ ᠬᠠᠮᠠᠭᠠᠯᠠᠬᠤ | ᠠᠵᠢᠯᠲᠠᠨ ᠲᠣᠰ ᠲᠣᠰ ᠵᠣᠴᠢᠨ ᠰᠠᠭᠤᠯᠭᠠᠬᠤ ᠴᠠᠬᠢᠯᠭᠠᠨ ᠱᠠᠲᠤ ᠪᠣᠯᠤᠨ ᠲᠦᠰᠢᠭᠦᠷ ᠠᠦ᠋ᠲ᠋ᠣ᠋ ᠱᠠᠲᠤ ᠶᠢᠨ ᠪᠠᠴᠢᠮ | ᠪᠠᠶᠢᠳᠠᠯ ᠢ ᠠᠷᠭᠠᠴᠠᠬᠤ ᠴᠢᠳᠠᠮᠵᠢ ᠶᠢ ᠲᠤᠬᠠᠶ ᠶᠢᠨ ᠭᠠᠵᠠᠷ ᠲᠤᠨᠢ ᠠᠵᠢᠯᠯᠠᠭᠤᠯᠪᠠ᠃ ᠳᠠᠷᠠᠭ᠎ᠠ ᠨᠢ ᠰᠡᠯᠪᠢᠨ ᠵᠠᠰᠠᠵᠤ | ᠬᠠᠮᠠᠭᠠᠯᠠᠬᠤ ᠨᠢᠭᠡᠴᠡ ᠶᠢᠨ ᠠᠷᠠᠴᠢᠯᠠᠨ ᠬᠠᠮᠠᠭᠠᠯᠠᠭᠰᠠᠨ ᠬᠠᠮᠢᠶ᠎ᠠ ᠪᠦᠬᠦᠢ ᠲᠡᠮᠳᠡᠭᠯᠡᠯ ᠪᠣᠯᠤᠨ ᠬᠡᠷᠡᠭᠯᠡᠬᠦ ᠨᠢᠭᠡᠴᠡ ᠶᠢᠨ | ᠬᠠᠮᠢᠶ᠎ᠠ ᠪᠦᠬᠦᠢ ᠳᠦᠷᠢᠮ ᠪᠣᠯᠤᠨ ᠮᠠᠲ᠋ᠧᠷᠢᠶᠠᠯ ᠢ ᠪᠠᠶᠢᠴᠠᠭᠠᠵᠤ᠂ ᠪᠠᠶᠢᠴᠠᠭᠠᠬᠤ ᠶᠠᠪᠤᠴᠠ ᠳᠤ ᠢᠯᠡᠷᠡᠭᠰᠡᠨ | ᠠᠰᠠᠭᠤᠳᠠᠯ ᠢ ᠬᠡᠷᠡᠭᠯᠡᠬᠦ ᠨᠢᠭᠡᠴᠡ ᠶᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ | ᠳᠠᠭᠤᠰᠬᠠᠬᠤ ᠶᠢ ᠱᠠᠭᠠᠷᠳᠠᠪᠠ᠃ | | | | | | ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠳᠥᠷ | ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠮᠤᠷ ᠲᠦᠪᠰᠢᠨ ᠢ ᠪᠠᠲᠤᠯᠠᠵᠤ ᠲᠤᠭᠳᠠᠭᠤᠨ ᠢ ᠠᠬᠢᠭᠤᠯᠬᠤ ︽ᠵᠠᠭᠤᠨ | ᠡᠳᠦᠷ ᠤᠨ ᠠᠵᠢᠯᠯᠠᠭ᠎ᠠ︾ ᠥᠷᠨᠢᠭᠦᠯᠵᠦ᠂ ᠳᠤᠪᠤᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ | ᠬᠠᠨᠳᠤᠯᠭᠠᠲᠤ ᠴᠢᠨᠠᠷᠲᠠᠶ ᠪᠠᠷ ᠠᠷᠭ᠎ᠠ ᠬᠡᠮᠵᠢᠶ᠎ᠡ ᠠᠪᠴᠤ᠂ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ | ᠬᠠᠮᠢᠶᠠᠷᠤᠨ ᠡᠵᠡᠮᠳᠡᠵᠦ᠂ ᠨᠢᠭᠡ ᠪᠦᠯᠦᠭ ᠠᠶᠤᠯ ᠥᠬᠡᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠳᠠᠯᠳᠠ ᠬᠡᠮ ᠢ | ᠦᠨᠡᠨ ᠬᠦ ᠰᠢᠢᠳᠪᠦᠷᠢᠯᠡᠵᠦ ᠠᠷᠢᠯᠭᠠᠬᠤ ᠪᠣᠯᠤᠨ᠎ᠠ᠃ | | |