ᠬᠥᠬᠡᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠬᠡᠰᠡᠭ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠪᠣᠯᠪᠠ
ᠨᠡᠶᠢᠲᠡᠯᠡᠭᠰᠡᠨ ᠴᠠᠭ᠄
2020-01-06
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ  ︵ᠰᠤᠷᠪᠤᠯᠵᠢᠯᠠᠭᠴᠢ ᠤᠷᠭᠤᠮᠠᠯ︶ ᠰᠤᠷᠪᠤᠯᠵᠢᠯᠠᠭᠴᠢ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠭᠠᠭᠰᠠᠨ ᠢᠶᠠᠷ᠂ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ᠂ ᠬᠥᠬᠡᠬᠤᠲᠠ ᠶᠢᠨ 12 ᠭᠤᠷᠪᠠᠳᠤᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠬᠡᠰᠡᠭ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠨᠢᠭᠡ ᠬᠤᠲᠠ ᠳᠤ ᠬᠠᠷᠢᠯᠴᠠᠨ ᠮᠡᠳᠡᠷᠡᠬᠦ ᠶᠢ ᠬᠡᠷᠡᠭᠵᠢᠭᠦᠯᠪᠡ᠃      ᠣᠳᠣᠬᠠᠨ ᠳᠤ ᠬᠥᠬᠡᠬᠤᠲᠠ ᠳᠤ ᠪᠠᠶᠢᠭ᠎ᠠ ᠭᠤᠷᠪᠠᠳᠤᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠭᠰᠡᠨ 12 ᠡᠮᠴᠢᠯᠡᠭᠡᠨ ᠤ ᠪᠠᠶᠢᠭᠤᠯᠤᠮᠵᠢ ᠪᠣᠯ᠄ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠂ ᠥᠪᠥᠷ ᠮᠣᠩᠭᠤᠯ ᠤᠨ ᠣᠶᠤᠨ ᠤ ᠡᠷᠡᠭᠦᠯ ᠬᠠᠮᠠᠭᠠᠯᠠᠯ ᠤᠨ ᠲᠥᠪ᠂ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ  ᠶᠢᠨ ᠬᠤᠷᠢᠶ᠎ᠠ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢ ᠬᠤᠷᠢᠶ᠎ᠠ᠂ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠣᠯᠣᠨ᠎ᠠ᠃      ᠳᠣᠣᠷ᠎ᠠ ᠵᠢᠭᠰᠠᠭᠠᠭᠰᠠᠨ ᠬᠡᠳᠦᠨ ᠪᠠᠶᠢᠳᠠᠯ ᠢ ᠬᠠᠷᠢᠯᠴᠠᠨ ᠮᠡᠳᠡᠷᠡᠬᠦ ᠬᠡᠪᠴᠢᠶᠡᠨ ᠳᠤ ᠣᠷᠣᠭᠤᠯᠬᠤ ᠦᠭᠡᠢ ᠪᠤᠶᠤ ᠬᠠᠷᠢᠯᠴᠠᠨ ᠮᠡᠳᠡᠷᠡᠬᠦ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ ᠪᠣᠯᠣᠨ᠎ᠠ᠄ ᠨᠢᠭᠡ᠂ ᠡᠪᠡᠳᠴᠢᠨ ᠤ ᠪᠠᠶᠢᠳᠠᠯ ᠤᠨ ᠬᠤᠪᠢᠷᠠᠯᠲᠠ ᠠᠴᠠ ᠪᠣᠯᠵᠤ᠂ ᠨᠢᠭᠡᠨᠲᠡ ᠪᠠᠶᠢᠭ᠎ᠠ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠯᠠᠪᠯᠠᠯᠲᠠ ᠶᠢᠨ ᠦᠨ᠎ᠡ ᠥᠷᠲᠡᠭ ᠢ ᠬᠠᠩᠭᠠᠬᠤ ᠳᠤ ᠪᠡᠷᠬᠡᠲᠡᠶ︔ ᠬᠤᠶᠠᠷ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠡᠪᠡᠳᠴᠢᠨ ᠡᠮᠭᠡᠭ ᠤᠨ ᠬᠥᠭᠵᠢᠯᠲᠡ ᠶᠢᠨ ᠶᠠᠪᠤᠴᠠ ᠳᠤ ᠨᠡᠯᠢᠶᠡᠳ ᠶᠡᠭᠡ ᠬᠤᠪᠢᠷᠠᠯᠲᠠ ᠭᠠᠷᠤᠭᠰᠠᠨ︔ ᠭᠤᠷᠪᠠ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠲᠥᠷᠥᠯ ᠵᠦᠢᠯ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠵᠢᠱᠢᠶᠡᠯᠡᠪᠡᠯ ᠮᠡᠰᠡ ᠵᠠᠰᠠᠯ᠂ ᠴᠢᠰᠦ ᠶᠡᠬᠦᠯᠡᠬᠦ ᠵᠡᠷᠭᠡ ᠴᠢᠬᠤᠯᠠ ᠶᠡᠭᠡ ᠡᠮᠴᠢᠯᠡᠭᠡᠨ ᠤ ᠠᠷᠭ᠎ᠠ ᠬᠡᠮᠵᠢᠶ᠎ᠡ ᠠᠴᠠ ᠡᠮᠦᠨᠡᠬᠢ ᠰᠢᠯᠭᠠᠨ ᠪᠠᠶᠢᠴᠠᠭᠠᠯᠲᠠ ᠵᠡᠷᠭᠡ︔ ᠳᠥᠷᠪᠡ᠂ ᠠᠨᠠᠭᠠᠬᠤ ᠤᠬᠠᠭᠠᠨ  ᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠡᠪᠡᠳᠴᠢᠨ ᠤ ᠪᠠᠶᠢᠳᠠᠯ ᠲᠠᠢ ᠢᠯᠡᠳᠲᠡ ᠨᠡᠶᠢᠴᠡᠬᠦ ᠦᠭᠡᠢ ᠪᠠᠢᠶ᠋ᠬᠤ︔ ᠲᠠᠪᠤ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠭᠰᠠᠨ ᠴᠠᠭ ᠨᠢ ᠣᠳᠣ ᠶᠢᠨ ᠡᠮᠨᠡᠭᠦᠯᠦᠭᠰᠡᠨ ᠴᠠᠭ ᠠᠴᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠨᠢᠭᠡᠨᠲᠡ ᠯᠠᠪᠯᠠᠬᠤ ᠦᠨ᠎ᠡ ᠥᠷᠳᠡᠭ ᠦᠭᠡᠢ ᠪᠣᠯᠣᠭᠰᠠᠨ ᠵᠡᠷᠭᠡ ᠪᠠᠶᠢᠳᠠᠯ ᠪᠣᠯᠣᠨ᠎ᠠ᠃ ᠭᠤᠷᠪᠠᠳᠤᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠬᠦᠴᠦᠨ ᠲᠠᠢ ᠬᠤᠭᠤᠴᠠᠭ᠎ᠠ ᠨᠢ 7 ᠡᠳᠦᠷ ᠪᠣᠯᠣᠨ᠎ᠠ ᠂ ᠬᠥᠬᠡᠬᠤᠲᠠ ᠶᠢᠨ ᠭᠤᠷᠪᠠᠳᠤᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠲᠤᠷᠰᠢᠯᠲᠠ  ᠶᠢᠨ ᠲᠠᠰᠤᠭ ᠤᠨ ᠰᠢᠯᠭᠠᠨ ᠪᠠᠶᠢᠴᠠᠭᠠᠭ᠍ᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ 1 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号