ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠯᠠᠭᠠᠨᠲᠤᠶᠠᠭ᠎ᠠ︶ 1 | ᠰᠠᠷ᠎ᠠ ᠶᠢᠨ 4 ᠤ ᠡᠳᠦᠷ ᠰᠤᠷᠪᠤᠯᠵᠢᠯᠠᠭᠴᠢ ᠬᠥᠬᠡᠬᠤᠲᠠ ᠶᠢᠨ ᠲᠧᠩ ᠹᠧᠢ ᠵᠠᠮ ᠳᠠᠬᠢ ᠰᠢᠨᠬᠤᠸᠠ ᠨᠣᠮ ᠤᠨ | ᠳᠡᠯᠭᠡᠭᠦᠷ ᠲᠤ ᠬᠦᠷᠬᠦ ᠳᠤ ᠤᠩᠰᠢᠭᠴᠢ ᠤᠯᠠᠨ ᠬᠤᠷᠠᠨ ᠴᠤᠭᠯᠠᠷᠠᠵᠤ᠂ ᠶᠡᠷᠦ ᠪᠤᠰᠤ ᠶᠢᠨ ᠬᠦᠷ ᠬᠦᠭᠵᠢᠶᠡᠨ ᠲᠠᠢ | ᠪᠠᠶᠢᠯ᠎ᠠ᠃ ᠲᠤᠰ ᠨᠤᠮ ᠤᠨ ᠳᠡᠯᠭᠡᠭᠦᠷ ᠨᠢ ᠪᠦᠬᠦ ᠤᠯᠤᠰ ᠤᠨ ᠠᠩᠬᠠᠳᠠᠭᠴᠢ ᠠᠳᠤᠭᠤᠨ ᠰᠤᠶᠤᠯ ᠢᠶᠠᠷ ᠭᠤᠤᠯ | ᠰᠡᠳᠦᠪ ᠪᠤᠯᠭᠠᠭᠰᠠᠨ ᠨᠤᠮ ᠤᠨ ᠳᠡᠯᠭᠡᠭᠦᠷ ᠪᠠᠶᠢᠵᠤ᠂ ᠨᠤᠮ ᠤᠨ ᠳᠡᠯᠭᠡᠭᠦᠷ ᠤᠨ ᠭᠤᠤᠯ ᠲᠢᠩᠬᠢᠮ ᠳᠤ ᠠᠳᠤᠭᠤᠨ ᠤ | ᠲᠤᠬᠠᠢ ᠡᠯ᠎ᠡ ᠲᠥᠷᠥᠯ ᠤᠨ ᠨᠣᠮ ᠳᠡᠪᠲᠡᠷ ᠢᠶᠠᠷ ᠪᠠᠶᠢᠭᠤᠯᠤᠭᠰᠠᠨ ᠭᠤᠤᠯ ᠰᠡᠳᠦᠪᠲᠦ ᠬᠡᠷᠡᠮ ᠪᠠ ᠮᠤᠷᠢᠨ ᠤ | ᠱᠤᠭᠤᠮᠠᠯ ᠢ ᠲᠣᠬᠢᠷᠠᠭᠤᠯᠤᠭᠰᠠᠨ ᠪᠠᠶᠢᠨ᠎ᠠ᠃ | ᠪᠦᠬᠦ ᠨᠤᠮ ᠤᠨ ᠳᠡᠯᠭᠡᠭᠦᠷ ᠤᠨ ᠳᠦᠯᠦᠪᠯᠡᠭᠡ ᠪᠠᠶᠢᠭᠤᠯᠤᠯᠲᠠ ᠳᠤᠮᠳᠠ ᠪᠦᠷ ᠮᠤᠩᠭᠤᠯ ᠦᠨᠳᠦᠰᠦᠲᠡᠨ ᠤ | ᠰᠤᠶᠤᠯ ᠤᠨ ᠡᠯᠧᠮᠧᠨ᠋ᠲ ᠪᠤᠯᠤᠨ ᠠᠳᠤᠭᠤᠨ ᠰᠤᠶᠤᠯ ᠤᠨ ᠡᠯᠧᠮᠧᠨ᠋ᠲ ᠢ ᠤᠶᠠᠯᠳᠤᠭᠤᠯᠵᠤ᠂ ᠨᠤᠮ ᠤᠨ ᠳᠡᠯᠭᠡᠭᠦᠷ ᠤᠨ | ᠦᠨᠴᠦᠭ ᠪᠤᠯᠤᠩ ᠪᠦᠷᠢ ᠳᠤ ︽ᠮᠤᠩᠭᠤᠯ ᠮᠤᠷᠢᠨ︾ ᠤ ᠪᠠᠷ᠎ᠠ ᠬᠠᠷᠠᠭᠳᠠᠵᠤ ᠤᠩᠰᠢᠭᠴᠢ ᠤᠯᠠᠨ ᠳᠠᠭᠠᠨ ᠮᠤᠩᠭᠤᠯ | ᠮᠤᠷᠢᠨ ᠤ ᠵᠤᠷᠢᠭ ᠰᠠᠨᠠᠭ᠎ᠠ ᠶᠢ ᠳᠠᠮᠵᠢᠭᠤᠯᠵᠤ ᠪᠠᠶᠢᠨ᠎ᠠ᠃ ᠨᠤᠮ ᠤᠨ ᠳᠡᠯᠭᠡᠭᠦᠷ ᠤᠨ ᠨᠢᠭᠡ ᠭᠢᠯᠠᠰ ᠴᠡᠭ ᠪᠤᠯᠤᠭᠰᠠᠨ | ︽ᠰᠦᠨᠢ ᠪᠠᠷ ᠨᠡᠭᠡᠭᠡᠳᠡᠭ ᠨᠤᠮ ᠤᠨ ᠦᠷᠦᠭᠡ︾ ᠨᠢ ᠦᠪᠦᠷ ᠮᠣᠩᠭᠤᠯ ᠤᠨ ᠰᠢᠨᠬᠤᠸᠠ ᠨᠤᠮ ᠤᠨ ᠳᠡᠯᠭᠡᠭᠦᠷ ᠤᠨ | ᠠᠩᠬᠠᠳᠠᠭᠴᠢ ᠪᠦᠬᠦ ᠵᠢᠯ ᠢᠶᠠᠷ ᠰᠦᠨᠢ ᠶᠢᠨ 12 ᠴᠠᠭ ᠪᠣᠯᠲᠠᠯ᠎ᠠ ᠨᠡᠭᠡᠭᠡᠳᠡᠭ ᠨᠤᠮ ᠤᠨ ᠦᠷᠦᠭᠡ ᠪᠠᠶᠢᠵᠤ᠂ | ᠤᠩᠰᠢᠭᠴᠢᠳ ᠰᠦᠨᠢ ᠶᠢᠨ ᠭᠦᠨ ᠳᠤ ᠴᠤ ᠭᠡᠰᠡᠨ ᠠᠳᠡ ᠢᠷᠡᠵᠤ ᠨᠣᠮ ᠪᠢᠴᠢᠭ ᠠᠮᠲᠠᠷᠬᠠᠨ ᠤᠩᠰᠢᠵᠤ ᠪᠣᠯᠳᠠᠭ᠃ | ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠮᠧᠩ ᠰᠢᠨ ᠬᠤᠯᠪᠤᠭᠠᠲᠤ ᠺᠤᠮᠫᠠᠨᠢ ᠶᠢᠨ | ᠶᠡᠷᠦᠩᠬᠡᠢ ᠵᠠᠬᠢᠷᠤᠯ ᠵᠠᠩ ᠶᠢᠩ ᠤᠨ ᠲᠠᠨᠢᠯᠴᠠᠭᠤᠯᠤᠭᠰᠠᠨ ᠢᠶᠠᠷ᠂ ᠲᠤᠰ ᠨᠤᠮ ᠤᠨ ᠳᠡᠯᠭᠡᠭᠦᠷ ᠨᠢ 2000 ᠭᠠᠷᠤᠢ | ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂ ᠨᠣᠮ ᠪᠢᠴᠢᠭ᠂ ᠺᠤᠹᠧ ᠶᠢᠨ ᠥᠷᠥᠭᠡ᠂ ᠵᠢᠵᠢᠭ ᠺᠢᠨᠣ᠋ ᠶᠢᠨ | ᠤᠷᠳᠤᠨ᠂ ᠰᠡᠯᠡᠭᠦᠴᠡᠨ ᠴᠡᠩᠭᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠨᠤᠮ ᠤᠨ | ᠳᠡᠯᠭᠡᠭᠦᠷ ᠪᠠᠶᠢᠵᠤ᠂ ᠪᠦᠬᠦ ᠨᠤᠮ ᠤᠨ ᠳᠡᠯᠭᠡᠭᠦᠷ ᠲᠤ ᠠᠳᠤᠭᠤᠨ ᠰᠣᠶᠣᠯ ᠤᠨ ᠡᠯᠧᠮᠧᠨ᠋ᠲ ᠢ ᠠᠭᠤᠰᠤᠯᠴᠠᠭᠤᠯᠤᠨ | ᠮᠤᠩᠭᠤᠯ ᠮᠤᠷᠢᠨ ᠤ ᠵᠤᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ᠂ ᠠᠵᠤ | ᠠᠬᠤᠢ᠂ ᠰᠣᠶᠣᠯ ᠤᠨ ᠲᠦᠪ ᠬᠤᠳᠠ ᠳᠤ ᠶᠡᠷᠦᠩᠬᠡᠶᠢᠯᠡᠭᠰᠡᠨ ᠴᠢᠨᠠᠷᠲᠠᠢ ᠨᠤᠮ ᠤᠨ ᠳᠡᠯᠭᠡᠭᠦᠷ ᠪᠠᠶᠢᠭᠰᠠᠨ ᠦᠭᠡᠢ | ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ | | | | | | | | | | | | | | | | | | | | | | | | | | | | | | |