ᠬᠦᠬᠡᠬᠤᠲᠡ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠡᠯᠪᠡᠭ ᠪᠠᠶᠠᠯᠢᠬ ᠠᠭᠤᠯᠭ᠎ᠠ ᠲᠠᠢ ᠰᠤᠶᠤᠯ ᠤᠷᠠᠯᠢᠬ ᠤᠨ ᠠᠵᠢᠯᠯᠠᠭ᠎ᠠ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2020-01-06
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ  ︵ᠰᠤᠷᠪᠤᠯᠵᠢᠯᠠᠭᠴᠢ ᠨᠠᠷᠠᠨᠲᠤᠩᠭᠠᠯᠠᠭ︶ 2019 ᠣᠨ ᠤ 12 ᠰᠠᠷ᠎ᠠ ᠶᠢᠨ 30 ᠤ ᠡᠳᠦᠷ᠂ ᠬᠥᠬᠡᠬᠤᠲᠠ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽2019 ᠣᠨ ᠤ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠢᠴᠢ ᠰᠢᠨ᠎ᠡ ᠣᠨ ᠢᠶᠠᠨ ᠤᠭᠲᠤᠬᠤ ᠲᠣᠭᠯᠠᠯᠲᠠ︾ ᠬᠥᠬᠡᠬᠤᠲᠠ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠳᠤ ᠶᠠᠪᠤᠭᠳᠠᠵᠤ᠂ ᠡᠯᠪᠡᠭ ᠪᠠᠶᠠᠯᠢᠬ ᠠᠭᠤᠯᠭ᠎ᠠ ᠲᠠᠢ ᠰᠤᠶᠤᠯ ᠤᠷᠠᠯᠢᠭ ᠤᠨ ᠠᠵᠢᠯᠯᠠᠭ᠎ᠠ ᠪᠠᠷ ᠦᠷᠬᠡᠨ ᠤᠯᠠᠨ ᠲᠦᠮᠡᠨ ᠤ ᠰᠤᠶᠤᠯ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠪᠠ᠃      ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠵᠣᠷᠢᠯᠭ᠎ᠠ ᠨᠢ ᠤᠳᠤ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠠᠷᠠᠳ ᠤᠨ ᠤᠷᠠᠯᠢᠭ ᠤᠨ ᠲᠦᠭᠡᠮᠡᠯᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠣᠯᠠᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠨ᠂ ᠬᠥᠬᠡᠬᠤᠲᠠ ᠶᠢᠨ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠦᠢᠯᠡᠴᠢᠯᠡᠭᠡ ᠶᠢᠨ ︽ᠪᠦᠭᠦᠳᠡ ᠶᠢ ᠬᠠᠮᠤᠷᠬᠤ︾᠂ ᠰᠠᠭᠤᠷᠢ ᠰᠣᠶᠣᠯ ᠤᠨ ᠲᠥᠬᠦᠭᠡᠷᠦᠮᠵᠢ ᠶᠢ ︽ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ︾ ᠶᠢ ᠪᠡᠶᠡᠯᠡᠭᠦᠯᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠬᠥᠬᠡᠬᠤᠲᠠ ᠶᠢᠨ ᠦᠷᠭᠡᠨ ᠣᠯᠠᠨ ᠲᠦᠮᠡᠨ ᠳᠤ ᠰᠤᠶᠤᠯ ᠤᠷᠠᠯᠢᠭ ᠤᠨ ᠰᠣᠯᠢᠯᠴᠠᠭᠠᠨ ᠤ ᠲᠠᠪᠴᠠᠩ ᠪᠠᠶᠢᠭᠤᠯᠤᠨ ᠦᠭᠴᠦ᠂ ᠰᠤᠶᠤᠯ ᠤᠷᠠᠯᠢᠭ ᠢ ᠥᠷᠭᠡᠨ ᠣᠯᠠᠨ ᠬᠤᠲᠠ ᠶᠢᠨ ᠠᠷᠠᠳ ᠤᠨ ᠠᠮᠢᠳᠤᠷᠠᠯ ᠤᠨ ᠴᠢᠬᠤᠯᠠ ᠠᠭᠤᠯᠭ᠎ᠠ ᠪᠣᠯᠭᠠᠬᠤ ᠶᠢ ᠵᠣᠷᠢᠭᠰᠠᠨ ᠪᠠᠶᠢᠨ᠎ᠠ᠃      ᠬᠠᠷᠢᠭᠤ ᠮᠡᠳᠡᠭᠦᠯᠦᠯᠲᠡ ᠶᠢᠨ ᠳᠡᠯᠭᠡᠨ ᠦᠵᠡᠭᠦᠯᠬᠦ ᠠᠵᠢᠯᠯᠠᠭ᠎ᠠ ᠶᠢᠨ ᠳᠤᠮᠳᠠ᠂ ᠠᠳᠠᠯᠢ ᠪᠤᠰᠤ ᠲᠥᠷᠥᠯ ᠤᠨ ᠠᠩᠭᠢ ᠶᠢᠨ ᠰᠤᠷᠤᠭᠴᠢᠳ ᠡᠭᠡᠯᠵᠢ ᠬᠠᠯᠠᠭ᠎ᠠ ᠪᠠᠷ ᠲᠠᠶᠢᠰᠠᠠ ᠳᠤ ᠭᠠᠷᠴᠤ᠂ ᠨᠠᠷᠢᠨ ᠨᠢᠮᠪᠠᠢ ᠵᠣᠬᠢᠶᠠᠨ ᠪᠦᠲᠦᠭᠡᠭᠰᠡᠨ ᠬᠢᠲᠠᠳ ᠵᠢᠷᠤᠭ᠂ ᠤᠰᠤᠨ ᠪᠤᠳᠤᠭ ᠤᠨ ᠵᠢᠷᠤᠭ᠂ ᠤᠷᠠᠨ ᠵᠢᠷᠤᠭ ᠵᠡᠷᠭᠡ ᠪᠦᠲᠦᠭᠡᠯ ᠢᠶᠠᠨ ᠳᠡᠯᠭᠡᠨ ᠦᠵᠡᠭᠦᠯᠵᠡᠢ᠃      ᠣᠶᠢᠯᠭᠠᠭᠰᠠᠨ ᠢᠶᠠᠷ᠂ 2019 ᠣᠨ ᠳᠤ ᠬᠦᠬᠡᠬᠤᠲᠠ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠤ ᠨᠡᠶᠢᠭᠡᠮ ᠨᠡᠶᠢᠳᠡ ᠲᠤ ᠬᠠᠨᠳᠤᠭᠤᠯᠤᠭᠰᠠᠨ ᠰᠦᠢᠳᠬᠡᠯ ᠬᠤᠷᠢᠶᠠᠬᠤ ᠦᠭᠡᠢ ᠪᠣᠯᠪᠠᠰᠤᠷᠠᠯ ᠤᠨ ᠬᠢᠴᠢᠶᠡᠯ ᠳᠤ ᠨᠠᠶᠢᠷᠠᠯ ᠳᠠᠭᠤᠤ᠂ ᠰᠢ ᠵᠦᠴᠦᠭᠡ᠂ ᠪᠥᠵᠢᠭ᠂ ᠬᠥᠭᠵᠢᠮᠳᠡᠭᠦᠷ᠂ ᠭᠡᠷᠡᠯ ᠵᠢᠷᠤᠭ᠂ ᠤᠷᠠᠨ ᠵᠢᠷᠤᠭ ᠵᠡᠷᠭᠡ ᠤᠯᠠᠨ ᠲᠥᠷᠥᠯ ᠤᠨ ᠬᠢᠴᠢᠶᠡᠯ ᠪᠠᠭᠲᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号