ᠪᠦᠬᠦ ᠤᠯᠤᠰ ᠤᠨ ᠠᠩᠬᠠᠳᠠᠭᠴᠢ ᠠᠳᠤᠭᠤᠨ ᠰᠤᠶᠤᠯ ᠤᠨ ᠭᠤᠤᠯ ᠰᠡᠳᠦᠪᠲᠦ ᠨᠤᠮ ᠤᠨ ᠳᠡᠯᠭᠡᠭᠦᠷ ᠬᠦᠬᠡᠬᠤᠲᠠ ᠳᠤ ᠡᠭᠦᠳᠡ ᠪᠠᠨ ᠰᠡᠬᠦᠯ᠎ᠡ
ᠨᠡᠶᠢᠲᠡᠯᠡᠭᠰᠡᠨ ᠴᠠᠭ᠄
2020/1/6
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠯᠠᠭᠠᠨᠲᠤᠶᠠᠭ᠎ᠠ︶ 1 ᠰᠠᠷ᠎ᠠ ᠶᠢᠨ 4 ᠤ ᠡᠳᠦᠷ ᠰᠤᠷᠪᠤᠯᠵᠢᠯᠠᠭᠴᠢ ᠬᠥᠬᠡᠬᠤᠲᠠ ᠶᠢᠨ ᠲᠧᠩ ᠹᠧᠢ ᠵᠠᠮ ᠳᠠᠬᠢ ᠰᠢᠨᠬᠤᠸᠠ ᠨᠣᠮ ᠤᠨ ᠳᠡᠯᠭᠡᠭᠦᠷ ᠲᠤ ᠬᠦᠷᠬᠦ ᠳᠤ ᠤᠩᠰᠢᠭᠴᠢ ᠤᠯᠠᠨ ᠬᠤᠷᠠᠨ ᠴᠤᠭᠯᠠᠷᠠᠵᠤ᠂ ᠶᠡᠷᠦ ᠪᠤᠰᠤ ᠶᠢᠨ ᠬᠦᠷ ᠬᠦᠭᠵᠢᠶᠡᠨ ᠲᠠᠢ ᠪᠠᠶᠢᠯ᠎ᠠ᠃  ᠲᠤᠰ ᠨᠤᠮ ᠤᠨ ᠳᠡᠯᠭᠡᠭᠦᠷ ᠨᠢ ᠪᠦᠬᠦ ᠤᠯᠤᠰ ᠤᠨ ᠠᠩᠬᠠᠳᠠᠭᠴᠢ ᠠᠳᠤᠭᠤᠨ ᠰᠤᠶᠤᠯ ᠢᠶᠠᠷ ᠭᠤᠤᠯ ᠰᠡᠳᠦᠪ ᠪᠤᠯᠭᠠᠭᠰᠠᠨ ᠨᠤᠮ ᠤᠨ ᠳᠡᠯᠭᠡᠭᠦᠷ ᠪᠠᠶᠢᠵᠤ᠂ ᠨᠤᠮ ᠤᠨ ᠳᠡᠯᠭᠡᠭᠦᠷ ᠤᠨ ᠭᠤᠤᠯ ᠲᠢᠩᠬᠢᠮ ᠳᠤ ᠠᠳᠤᠭᠤᠨ ᠤ ᠲᠤᠬᠠᠢ ᠡᠯ᠎ᠡ ᠲᠥᠷᠥᠯ ᠤᠨ ᠨᠣᠮ ᠳᠡᠪᠲᠡᠷ ᠢᠶᠠᠷ ᠪᠠᠶᠢᠭᠤᠯᠤᠭᠰᠠᠨ ᠭᠤᠤᠯ ᠰᠡᠳᠦᠪᠲᠦ ᠬᠡᠷᠡᠮ ᠪᠠ ᠮᠤᠷᠢᠨ ᠤ ᠱᠤᠭᠤᠮᠠᠯ ᠢ ᠲᠣᠬᠢᠷᠠᠭᠤᠯᠤᠭᠰᠠᠨ ᠪᠠᠶᠢᠨ᠎ᠠ᠃      ᠪᠦᠬᠦ ᠨᠤᠮ ᠤᠨ ᠳᠡᠯᠭᠡᠭᠦᠷ ᠤᠨ ᠳᠦᠯᠦᠪᠯᠡᠭᠡ ᠪᠠᠶᠢᠭᠤᠯᠤᠯᠲᠠ ᠳᠤᠮᠳᠠ ᠪᠦᠷ ᠮᠤᠩᠭᠤᠯ ᠦᠨᠳᠦᠰᠦᠲᠡᠨ ᠤ ᠰᠤᠶᠤᠯ ᠤᠨ ᠡᠯᠧᠮᠧᠨ᠋ᠲ ᠪᠤᠯᠤᠨ ᠠᠳᠤᠭᠤᠨ ᠰᠤᠶᠤᠯ ᠤᠨ ᠡᠯᠧᠮᠧᠨ᠋ᠲ ᠢ ᠤᠶᠠᠯᠳᠤᠭᠤᠯᠵᠤ᠂ ᠨᠤᠮ ᠤᠨ ᠳᠡᠯᠭᠡᠭᠦᠷ ᠤᠨ ᠦᠨᠴᠦᠭ ᠪᠤᠯᠤᠩ ᠪᠦᠷᠢ ᠳᠤ ︽ᠮᠤᠩᠭᠤᠯ ᠮᠤᠷᠢᠨ︾ ᠤ ᠪᠠᠷ᠎ᠠ ᠬᠠᠷᠠᠭᠳᠠᠵᠤ ᠤᠩᠰᠢᠭᠴᠢ ᠤᠯᠠᠨ ᠳᠠᠭᠠᠨ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠳᠠᠮᠵᠢᠭᠤᠯᠵᠤ ᠪᠠᠶᠢᠨ᠎ᠠ᠃ ᠨᠤᠮ ᠤᠨ ᠳᠡᠯᠭᠡᠭᠦᠷ ᠤᠨ ᠨᠢᠭᠡ ᠭᠢᠯᠠᠰ ᠴᠡᠭ ᠪᠤᠯᠤᠭᠰᠠᠨ ︽ᠰᠦᠨᠢ ᠪᠠᠷ ᠨᠡᠭᠡᠭᠡᠳᠡᠭ ᠨᠤᠮ ᠤᠨ ᠦᠷᠦᠭᠡ︾ ᠨᠢ ᠦᠪᠦᠷ ᠮᠣᠩᠭᠤᠯ ᠤᠨ ᠰᠢᠨᠬᠤᠸᠠ ᠨᠤᠮ ᠤᠨ ᠳᠡᠯᠭᠡᠭᠦᠷ ᠤᠨ ᠠᠩᠬᠠᠳᠠᠭᠴᠢ ᠪᠦᠬᠦ ᠵᠢᠯ ᠢᠶᠠᠷ ᠰᠦᠨᠢ ᠶᠢᠨ 12 ᠴᠠᠭ ᠪᠣᠯᠲᠠᠯ᠎ᠠ ᠨᠡᠭᠡᠭᠡᠳᠡᠭ ᠨᠤᠮ ᠤᠨ ᠦᠷᠦᠭᠡ ᠪᠠᠶᠢᠵᠤ᠂ ᠤᠩᠰᠢᠭᠴᠢᠳ ᠰᠦᠨᠢ ᠶᠢᠨ ᠭᠦᠨ ᠳᠤ ᠴᠤ ᠭᠡᠰᠡᠨ ᠠᠳᠡ ᠢᠷᠡᠵᠤ ᠨᠣᠮ ᠪᠢᠴᠢᠭ ᠠᠮᠲᠠᠷᠬᠠᠨ ᠤᠩᠰᠢᠵᠤ ᠪᠣᠯᠳᠠᠭ᠃      ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠮᠧᠩ ᠰᠢᠨ ᠬᠤᠯᠪᠤᠭᠠᠲᠤ ᠺᠤᠮᠫᠠᠨᠢ ᠶᠢᠨ ᠶᠡᠷᠦᠩᠬᠡᠢ ᠵᠠᠬᠢᠷᠤᠯ ᠵᠠᠩ ᠶᠢᠩ ᠤᠨ ᠲᠠᠨᠢᠯᠴᠠᠭᠤᠯᠤᠭᠰᠠᠨ ᠢᠶᠠᠷ᠂ ᠲᠤᠰ ᠨᠤᠮ ᠤᠨ ᠳᠡᠯᠭᠡᠭᠦᠷ ᠨᠢ 2000 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂ ᠨᠣᠮ ᠪᠢᠴᠢᠭ᠂ ᠺᠤᠹᠧ ᠶᠢᠨ ᠥᠷᠥᠭᠡ᠂ ᠵᠢᠵᠢᠭ ᠺᠢᠨᠣ᠋ ᠶᠢᠨ ᠤᠷᠳᠤᠨ᠂ ᠰᠡᠯᠡᠭᠦᠴᠡᠨ ᠴᠡᠩᠭᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠨᠤᠮ ᠤᠨ ᠳᠡᠯᠭᠡᠭᠦᠷ ᠪᠠᠶᠢᠵᠤ᠂ ᠪᠦᠬᠦ ᠨᠤᠮ ᠤᠨ ᠳᠡᠯᠭᠡᠭᠦᠷ ᠲᠤ ᠠᠳᠤᠭᠤᠨ ᠰᠣᠶᠣᠯ ᠤᠨ ᠡᠯᠧᠮᠧᠨ᠋ᠲ ᠢ ᠠᠭᠤᠰᠤᠯᠴᠠᠭᠤᠯᠤᠨ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ᠂ ᠠᠵᠤ ᠠᠬᠤᠢ᠂ ᠰᠣᠶᠣᠯ ᠤᠨ ᠲᠦᠪ ᠬᠤᠳᠠ ᠳᠤ ᠶᠡᠷᠦᠩᠬᠡᠶᠢᠯᠡᠭᠰᠡᠨ ᠴᠢᠨᠠᠷᠲᠠᠢ ᠨᠤᠮ ᠤᠨ ᠳᠡᠯᠭᠡᠭᠦᠷ ᠪᠠᠶᠢᠭᠰᠠᠨ ᠦᠭᠡᠢ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ