ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠦᠷᠡᠭᠳᠡᠭᠰᠡᠨ ᠪᠠᠭᠠᠲᠤᠷᠴᠤᠳ ᠤᠨ ᠭᠡᠷ | ᠪᠦᠯᠢ ᠳᠤ ᠳᠣᠲᠣᠨᠣ ᠮᠡᠨᠳᠦᠴᠢᠯᠡᠯ ᠬᠦᠷᠭᠡᠵᠦ ᠪᠠᠶᠢᠬᠤ ᠪᠠ ᠡᠷᠬᠢᠮ ᠳᠡᠭᠡᠳᠦ ᠬᠦᠨᠳᠦᠳᠬᠡᠯ ᠢᠶᠠᠨ ᠢᠯᠡᠳᠬᠡᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ | ᠳᠠᠷᠤᠭ᠎ᠠ ᠬᠤᠤ ᠰᠢᠤ ᠴᠤᠸᠠᠨ᠂ ᠬᠦᠢᠬᠡᠬᠤᠲᠠ ᠶᠢᠨ ᠳᠡᠳ᠋ ᠳᠠᠷᠤᠭ᠎ᠠ ᠰᠢᠤᠢ ᠷᠦᠢ ᠰᠢᠶᠠ᠂ ᠬᠦᠬᠡᠬᠤᠲᠠ ᠶᠢᠨ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠹᠧᠩ ᡁᠢ ᠬᠤᠩ᠂ ᠲᠤᠪᠴᠢᠶ᠎ᠠ ᠶᠢᠨ | ᠳᠡᠳ᠋ ᠳᠠᠷᠤᠭ᠎ᠠ ᠹᠦ᠋ ᡁᠢ ᠶᠦᠩ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠭᠠᠵᠠᠷ ᠤᠨ | ᠳᠡᠰ ᠤᠨ ᠳᠠᠷᠤᠭ᠎ᠠ ᠰᠢᠶᠧ ᠵᠠᠨ ᠵᠢᠴᠢ ᠰᠢᠨ᠎ᠡ ᠬᠤᠲᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠳ᠋ᠠᠶ ᠼᠠᠢ ᠰᠢᠶᠠ ᠨᠠᠷ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠯᠢ | ᠷᠦᠩ ᠹᠠᠩ ᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠢᠬᠠᠨ | ᠵᠥᠩᠨᠡᠯ ᠳᠡᠪᠰᠢᠭᠦᠯᠵᠡᠶ᠃ | | | | | | ᠯᠢ ᠷᠦᠩ ᠹᠠᠩ ᠪᠣᠯ ᠬᠤᠶᠠᠷ ᠦᠶ᠎ᠡ ᠶᠢᠨ ᠦᠷᠡᠭᠳᠡᠭᠰᠡᠨ ᠪᠠᠭᠠᠲᠤᠷ ᠤᠨ ᠭᠡᠷ ᠪᠦᠯᠢ ᠪᠣᠯᠤᠨ᠎ᠠ᠂ ᠲᠡᠭᠦᠨ ᠤ | ᠡᠪᠦᠭᠡ ᠯᠢ ᠢᠦᠶ ᠰᠢᠶᠠᠩ ᠶᠠᠫᠣᠨ ᠢ ᠡᠰᠡᠷᠭᠦᠴᠡᠬᠦ ᠳᠠᠶᠢᠨ ᠤ ᠱᠢ ᠵᠢᠶᠠ ᠵᠤᠸᠠᠩ ᠤᠨ ᠳᠠᠶᠢᠯᠠᠯᠳᠤᠭᠠᠨ ᠳᠤ ᠪᠡᠶ᠎ᠡ | ᠦᠷᠡᠭᠳᠡᠪᠡ᠂ ᠲᠡᠭᠦᠨ ᠤ ᠬᠦᠤ ᠯᠢ ᠶᠠᠨ ᠱᠧᠩ 1989 ᠤᠨ ᠤ 7 ᠰᠠᠷ᠎ᠠ ᠳᠤ ᠬᠦᠯᠦᠨ ᠪᠤᠶᠢᠷ ᠲᠤ ᠳᠠᠶᠢᠴᠢᠨ | ᠨᠦᠬᠦᠷ ᠢᠶᠠᠨ ᠠᠪᠤᠷᠠᠬᠤ ᠶᠢᠨ ᠲᠥᠯᠥᠭᠡ ᠢᠷᠠᠭᠤ ᠠᠯᠳᠠᠷᠲᠠᠶ ᠪᠠᠷ ᠪᠡᠶ᠎ᠡ ᠦᠷᠡᠭᠳᠡᠪᠡ᠃ | | | | | | ᠲᠣᠬᠤᠨᠢᠭᠤᠯᠬᠤ ᠳᠤᠭᠤᠶᠢᠯᠠᠩ ᠯᠢ ᠷᠦᠩ ᠹᠠᠩ ᠤᠨ ᠭᠡᠷ ᠲᠤ ᠢᠷᠡᠵᠦ᠂ ᠲᠡᠭᠦᠨ ᠤ ᠪᠡᠶ᠎ᠡ ᠮᠠᠬᠠᠪᠣᠳ ᠤᠨ | ᠪᠠᠶᠢᠳᠠᠯ ᠵᠢᠴᠢ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠪᠤᠲᠠᠲᠠᠢ ᠬᠦᠴᠢᠷᠳᠡᠯ ᠢ ᠨᠢ | ᠣᠶᠢᠯᠠᠭᠠᠵᠤ᠂ ᠲᠡᠳᠡᠨ ᠤ ᠤᠯᠤᠰ ᠣᠷᠣᠨ ᠪᠠ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ | ᠬᠤᠤ ᠰᠢᠤ ᠴᠤᠸᠠᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠦᠷᠭᠦᠯᠵᠢᠯᠡᠨ ᠬᠠᠯᠠᠮᠵᠢᠯᠠᠨ ᠬᠠᠶᠢᠷᠠᠯᠠᠵᠤ᠂ | ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠳᠤ ᠬᠠᠷᠠᠭᠠᠯᠵᠠᠯ ᠦᠵᠡᠭᠦᠯᠬᠦ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠲᠡᠳᠡᠨ ᠤ ᠡᠳᠦᠷ ᠲᠤᠲᠤᠮ ᠤᠨ ᠠᠮᠢᠳᠤᠷᠠᠯ ᠳᠤᠮᠳᠠ ᠲᠣᠬᠢᠶᠠᠯᠳᠤᠭᠰᠠᠨ ᠬᠦᠴᠢᠷᠳᠡᠯ ᠢ ᠨᠢ ᠴᠠᠭ | ᠲᠤᠬᠠᠶ ᠳᠤᠨᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠵᠦ ᠦᠭᠬᠦ ᠬᠡᠷᠡᠭᠲᠡᠶ ᠭᠡᠵᠦ ᠬᠠᠮᠲᠤ ᠶᠠᠪᠤᠵᠤ ᠪᠠᠶᠢᠭ᠎ᠠ | ᠠᠵᠢᠯᠲᠠᠨ ᠳᠤ ᠵᠠᠬᠢᠵᠤ᠂ ᠳᠠᠷᠠᠭ᠎ᠠ ᠪᠠᠷ ᠨᠢ ᠲᠤᠬᠤᠨᠢᠭᠤᠯᠬᠤ ᠮᠥᠩᠭᠦ ᠬᠦᠷᠭᠡᠪᠡ᠃ ᠯᠢ ᠷᠦᠩ ᠹᠠᠩ ᠨᠠᠰᠤᠲᠠᠨ | ᠲᠤᠬᠤᠨᠢᠭᠤᠯᠬᠤ ᠳᠤᠭᠤᠶᠢᠯᠠᠩ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠨᠠᠮ ᠪᠠ ᠵᠠᠰᠠᠭ ᠤᠨ ᠣᠷᠳᠣᠨ ᠢ | ᠢᠮᠠᠭᠲᠠ ᠬᠠᠯᠠᠮᠵᠢᠯᠠᠭᠰᠠᠭᠠᠷ ᠢᠷᠡᠭᠰᠡᠨ ᠳᠤ ᠲᠠᠯᠠᠷᠬᠠᠬᠰᠠᠨ ᠢᠶᠠᠨ ᠢᠯᠡᠳᠭᠡᠪᠡ᠃ ᠬᠡᠳᠦ᠋ᠢᠪᠡᠷ ᠭᠤᠶᠣᠮᠰᠤᠭ ᠰᠠᠶᠢᠬᠠᠨ | ᠦᠭᠡ ᠬᠡᠯᠡ ᠪᠠᠶᠢᠬᠤ ᠦᠭᠡᠢ ᠪᠣᠯᠪᠠᠴᠤ᠂ ᠲᠠᠯᠠᠷᠬᠠᠬᠤ ᠰᠡᠳᠬᠢᠯᠭᠡ ᠨᠢ ᠦᠭᠡ ᠪᠠᠷ ᠢᠯᠡᠳᠭᠡᠬᠦᠶᠡ ᠪᠡᠷᠬᠡ᠃ |