ᠤᠯᠤᠰ ᠲᠥᠷᠥ ᠶᠢᠨ ᠵᠥᠪᠯᠡᠯᠭᠡᠨ ᠤ ᠦᠴᠤᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2020-01-08
     ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠵᠢᠳᠬᠦᠯ ᠴᠢᠷᠮᠠᠶᠢᠯᠭ᠎ᠠ ᠨᠢ ᠰᠢᠨ᠎ᠡ ᠴᠤᠭ ᠵᠢᠪᠬᠤᠭ᠎ᠠ ᠶᠢ ᠢᠯᠡᠷᠡᠭᠦᠯᠪᠡ᠃ 1 ᠰᠠᠷ᠎ᠠ ᠶᠢᠨ 7 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠦᠴᠤᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠴᠢᠩ ᠱᠠᠨ ᠲᠣᠭᠯᠠᠯᠲᠠ ᠶᠢᠨ ᠲᠠᠯᠠᠪᠠᠢ ᠳᠤ ᠦᠪᠡᠳᠡᠭᠰᠢ ᠶᠡᠭᠡ ᠪᠠᠷ ᠡᠬᠢᠯᠡᠪᠡ︕      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠤ ᠸᠧᠨ ᠪᠢᠶᠣᠤ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠢᠴᠢ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠨᠢᠭᠡᠴᠡ ᠳᠤ ᠪᠠᠨ  ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠲᠣᠰ ᠤᠳᠠᠭ᠎ᠠ ᠶᠢᠨ ᠬᠤᠷᠠᠯ ᠳᠤ 112 ᠭᠡᠰᠢᠭᠦᠨ ᠣᠷᠤᠯᠴᠠᠬᠤ ᠶᠣᠰᠤᠲᠠᠢ ᠪᠠᠶᠢᠵᠤ᠂ ᠪᠣᠳᠠᠲᠠᠶ ᠣᠷᠣᠯᠴᠠᠭᠰᠠᠨ ᠨᠢ 106 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠦᠳᠡ ᠡᠮᠦᠨᠡᠬᠢ 9 ᠴᠠᠭ 30 ᠮᠢᠨᠦ᠋ᠲ ᠲᠤ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠯᠢ ᠷᠦᠨ ᠮᠤᠤ ᠬᠤᠷᠠᠯ ᠡᠬᠢᠯᠡᠭᠰᠡᠨ ᠢ ᠵᠠᠷᠯᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠬᠠᠳᠠ ᠠᠴᠠ ᠰᠢᠶᠠᠨ ᠤ ᠨᠠᠮ ᠤᠨ ᠬᠤᠷᠢᠶ᠎ᠠ ᠶᠢ ᠲᠥᠯᠥᠭᠡᠯᠡᠨ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠶ ᠨᠦᠰᠡᠷ ᠬᠦᠨᠳᠦ ᠠᠵᠢᠯ ᠤᠨ ᠡᠭᠦᠷᠭᠡ ᠶᠢᠨ ᠡᠮᠦᠨ᠎ᠡ᠂ ᠪᠥᠬᠦ ᠰᠢᠶᠠᠨ ᠢᠶᠠᠷ ᠢᠶᠠᠨ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠴᠢ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠶ ᠪᠠᠷ ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ ᠰᠢᠨᠵᠢᠯᠡᠬᠦ ᠤᠬᠠᠭᠠᠨᠴᠢ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠳᠡᠭᠡᠷ᠎ᠡ ᠯᠠᠪᠳᠠᠭᠤᠨ ᠪᠠᠲᠤᠲᠠᠶ ᠠᠯᠬᠤᠮ ᠢ ᠠᠯᠬᠤᠪᠠ ᠭᠡᠪᠡ᠃      ᠲᠡᠷᠡ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠢᠮᠠᠭᠲᠠ ᠵᠥᠪ ᠤᠯᠤᠰ ᠲᠥᠷᠦ ᠶᠢᠨ ᠴᠢᠭᠯᠡᠯ ᠢ ᠪᠠᠷᠢᠮᠲᠠᠯᠠᠵᠤ᠂ ᠪᠥᠬᠦ ᠰᠢᠶᠠᠨ ᠤ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠦ᠂ ᠤᠯᠤᠰ ᠲᠥᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠶ ᠭᠦᠢᠴᠡᠳᠬᠡᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠵᠡᠷᠭᠡ ᠴᠢᠬᠤᠯᠠ ᠶᠡᠭᠡ ᠰᠡᠳᠦᠪ ᠤᠨ ᠲᠣᠭᠤᠷᠢᠨ ᠳᠤ ᠣᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠪᠡ᠃      ᠲᠡᠷᠡ ᠱᠠᠭᠠᠷᠳᠠᠭᠰᠠᠨ ᠨᠢ᠂ ᠪᠦᠬᠦ ᠭᠡᠰᠢᠭᠦᠳ ᠪᠣᠯᠤᠨ ᠤᠯᠤᠰ ᠲᠥᠷᠦ ᠶᠢᠨ ᠵᠥᠪᠯᠡᠯᠭᠡᠨ ᠤ ᠠᠵᠢᠯᠲᠠᠳ ᠰᠢᠨ᠎ᠡ ᠨᠢᠭᠡᠨ ᠵᠢᠯ ᠳᠤ᠂ ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠶ︔ ᠰᠢᠨ᠎ᠡ ᠴᠠᠭ ᠦᠶ᠎ᠡ ᠶᠢᠨ ᠮᠠᠨ ᠤ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠠᠵᠢᠯ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠤᠯᠤᠰ ᠲᠥᠷᠦ ᠶᠢᠨ ᠵᠥᠪᠯᠡᠯᠭᠡᠨ ᠤ ᠢᠮᠠᠭᠲᠠ ᠨᠠᠮ ᠤᠨ ᠤᠳᠤᠷᠢᠳᠤᠯᠭ᠎ᠠ ᠳᠣᠤᠷ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠵᠤ᠂ ᠠᠵᠢᠯ ᠢᠶᠠᠨ ᠢᠳᠡᠪᠬᠢᠲᠡᠢ ᠪᠥᠭᠡᠳ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ ᠲᠡᠷᠡ ᠰᠢᠶᠠᠨ ᠤ ᠤᠯᠤᠰ ᠲᠥᠷᠦ ᠶᠢᠨ ᠵᠥᠪᠯᠡᠯᠭᠡᠨ ᠪᠣᠯᠤᠨ ᠥᠷᠭᠡᠨ ᠣᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠰᠢᠨ᠎ᠡ ᠨᠢᠭᠡ ᠵᠢᠯ ᠳᠤ ᠥᠪᠡᠷᠮᠢᠴᠡ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠮᠠᠨ ᠤ ᠰᠢᠶᠠᠨ ᠤ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠤᠯᠤᠰ ᠲᠥᠷᠥ ᠶᠢᠨ ᠵᠥᠪᠯᠡᠯᠭᠡᠨ ᠤ ᠦᠴᠤᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃ ᠵᠠᠩ ᠯᠢ ᠰᠢᠶᠠ ᠢᠯᠡᠳᠬᠡᠯ ᠳᠡᠭᠡᠨ᠂ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠪᠦᠬᠦ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠤᠯ ᠰᠡᠳᠦᠪ ᠢ ᠪᠠᠲᠤ ᠡᠵᠡᠮᠳᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠠᠬᠢᠭᠤᠯᠬᠤ ᠳᠤᠮᠳᠠ ᠤᠯᠤᠰ ᠲᠥᠷᠦ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠥᠷᠦ ᠶᠢᠨ ᠵᠥᠪᠯᠡᠯᠭᠡᠨ ᠤ ᠣᠶᠤᠨ ᠤᠬᠠᠭᠠᠨ ᠬᠦᠴᠦᠨ ᠴᠢᠳᠠᠯ ᠢᠶᠠᠨ ᠨᠡᠮᠡᠷᠢᠯᠡᠬᠦ ᠶᠢ ᠭᠦᠢᠴᠡᠳ ᠢᠯᠡᠷᠡᠭᠦᠯᠪᠡ ᠭᠡᠵᠦ ᠵᠢᠭᠠᠵᠤ ᠭᠠᠷᠭᠠᠪᠠ᠃ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ ᠄ ᠨᠢᠭᠡ ᠳᠤ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠲᠤ ᠴᠣᠭᠴᠠᠯᠠᠪᠠ︔ ᠬᠤᠶᠠᠷ ᠲᠤ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂  ᠵᠥᠪᠳᠡᠯᠴᠡᠨ ᠰᠠᠨᠠᠯ ᠳᠤᠷᠠᠳᠴᠤ ᠥᠭᠡᠷᠡᠴᠢᠯᠡᠨ ᠬᠥᠭᠵᠢᠭᠦᠯᠪᠡ︔ ᠭᠤᠷᠪᠠ ᠳᠤ᠂ ᠬᠥᠭᠵᠢᠯᠲᠡ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ︔ ᠳᠥᠷᠪᠡ ᠳᠤ᠂ ᠢᠮᠠᠭᠲᠠ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠪᠠ︔ ᠲᠠᠪᠤ ᠳᠤ᠂ ᠪᠦᠯᠬᠦᠮᠳᠡᠯ ᠠᠷᠠᠳᠴᠢᠯᠠᠯ ᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠵᠥᠪ ᠡᠨᠧᠷᠭᠢ ᠢ ᠥᠷᠭᠡᠨ ᠢᠶᠠᠷ ᠲᠥᠪᠯᠡᠷᠡᠭᠦᠯᠪᠡ︔ ᠵᠢᠷᠭᠤᠭ᠎ᠠ ᠳᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠢᠮᠠᠭᠲᠠ ᠪᠠᠷᠢᠮᠲᠠᠯᠠᠵᠤ᠂ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠪᠡ᠃      ᠢᠯᠡᠳᠬᠡᠯ ᠳᠤ 2020 ᠣᠨ ᠤ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠳᠣᠤᠷᠠᠬᠢ ᠱᠠᠭᠠᠷᠳᠠᠯᠭ᠎ᠠ ᠶᠢ ᠳᠤᠷᠠᠳᠪᠠ᠄ ᠨᠢᠭᠡ ᠳᠤ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠵᠥᠪ ᠴᠢᠭᠯᠡᠯ ᠢ ᠪᠠᠷᠢᠮᠲᠠᠯᠠᠬᠤ ᠬᠡᠷᠡᠭᠲᠡᠶ︔ ᠬᠤᠶᠠᠷ ᠲᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠵᠥᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠠᠬᠢᠭᠤᠯᠤᠨ᠎ᠠ︔ ᠭᠤᠷᠪᠠ ᠳᠤ᠂ ᠦᠵᠡᠯ ᠰᠠᠨᠠᠭ᠎ᠠ ᠤᠯᠤᠰ ᠲᠥᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ︔ ᠳᠥᠷᠪᠡ ᠳᠤ᠂ ᠭᠡᠰᠢᠭᠦᠳ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ︔ ᠲᠠᠪᠤ ᠳᠤ᠂ ᠭᠤᠤᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ︔ ᠵᠢᠷᠭᠤᠭ᠎ᠠ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠥᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ ᠬᠠᠮᠤᠭ ᠰᠡᠭᠦᠯ ᠳᠤ᠂ ᠲᠡᠷᠡ ᠤᠯᠤᠰ ᠲᠥᠷᠦ ᠶᠢᠨ ᠵᠥᠪᠯᠡᠯᠭᠡᠨ ᠤ ᠪᠥᠬᠦ ᠭᠡᠰᠢᠭᠦᠳ ᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠤ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠦᠢᠯᠡᠰ ᠤᠨ ᠥᠷᠨᠢᠩᠭᠦᠶ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠮᠠᠨ ᠤ ᠰᠢᠶᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ  ᠰᠢᠢᠳᠪᠦᠷᠢᠲᠦ ᠢᠯᠠᠯᠲᠠ ᠶᠢ ᠣᠯᠬᠤ᠂ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠰᠦᠭᠡᠶ ᠭᠡᠵᠦ ᠤᠷᠢᠶᠠᠯᠠᠪᠠ︕       ᠤᠯᠤᠰ ᠲᠥᠷᠦ ᠶᠢᠨ ᠵᠥᠪᠯᠡᠯᠡᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧᠩ ᠬᠤᠩ ᠶᠡᠭᠡ ᠬᠤᠷᠠᠯ ᠳᠤ ᠰᠠᠨᠠᠯ ᠵᠥᠪᠯᠡᠯᠭᠡ  ᠳᠤᠷᠠᠳᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠡ᠃      ᠥᠩᠭᠡᠷᠡᠭᠰᠡᠨ ᠨᠢᠭᠡ ᠵᠢᠯ ᠳᠤ᠂ ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ︽ᠭᠤᠤᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠰᠠᠨᠠᠯ ᠵᠥᠪᠯᠡᠯᠭᠡ ᠶᠢᠨ ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠵᠠᠯᠭᠠᠮᠵᠢᠯᠠᠬᠤ ᠳᠤᠮᠳᠠ ᠪᠠᠨ ᠬᠥᠭᠵᠢᠭᠦᠯᠵᠦ᠂ ᠬᠥᠭᠵᠢᠭᠦᠯᠬᠦ ᠳᠤᠮᠳᠠ ᠪᠠᠨ ᠰᠢᠨ᠎ᠡ ᠶᠢ ᠡᠭᠦᠳᠴᠦ᠂ ᠰᠠᠨᠠᠯ ᠵᠥᠪᠯᠡᠯᠭᠡ ᠳᠤᠷᠠᠳᠬᠤ ᠠᠵᠢᠯ ᠳᠤ ᠰᠢᠨ᠎ᠡ ᠣᠨᠴᠠᠯᠢᠭ ᠢᠯᠡᠷᠡᠭᠰᠡᠨ ᠪᠠᠶᠢᠨ᠎ᠠ᠃ ᠨᠢᠭᠡ ᠳᠤ᠂ ᠦᠢᠯᠡᠳᠦᠯᠭᠡ ᠶᠢᠨ ᠴᠢᠳᠠᠪᠤᠷᠢ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠢ ᠵᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠪᠡ︔ ᠬᠤᠶᠠᠷ ᠲᠤ᠂ ᠠᠵᠢᠯ ‍ᠤᠨ‌‍ᠰᠡᠳᠬᠢᠴᠡ ᠪᠠᠨ ᠥᠷᠭᠡᠳᠬᠡᠵᠦ᠂ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠪᠡ︔ ᠭᠤᠷᠪᠠ ᠳᠤ᠂ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠳᠥᠷᠪᠡ ᠳᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠠᠩᠬᠠᠷᠴᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠪᠠ᠃      2020 ᠣᠨ ᠳᠤ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠦ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ  ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠵᠢᠴᠢ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠭᠤᠷᠪᠠᠳᠤᠭᠠᠷ ᠤᠳᠠᠭ᠎ᠠ ᠶᠢᠨ ᠬᠤᠷᠠᠯ ᠠᠴᠠ ᠳᠤᠷᠠᠳᠤᠭᠰᠠᠨ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠰᠢᠶᠠᠨ ᠤ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ᠂ ᠭᠡᠰᠢᠭᠦᠳ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ᠂ ᠢᠳᠡᠪᠬᠢᠲᠡᠢ ᠭᠦᠢᠴᠡᠳᠬᠡᠬᠦ ᠪᠣᠯᠤᠨ᠎ᠠ᠃ ᠰᠠᠨᠠᠯ ᠳᠤᠷᠠᠳᠤᠯᠭ᠎ᠠ ᠶᠢᠨ ᠠᠵᠢᠯ ᠤᠯᠤᠰ ᠲᠥᠷᠦ ᠶᠢᠨ ᠤᠬᠠᠮᠰᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠮᠡᠳᠡᠷᠡᠮᠵᠢ ᠶᠢ ᠨᠡᠮᠡᠭᠳᠡᠭᠦᠯᠬᠦ ᠪᠣᠯᠭᠠᠨ᠎ᠠ᠃      ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠶᠠᠩ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠲᠠᠢ ᠬᠠᠷᠢᠯᠴᠠᠬᠤ ᠠᠵᠢᠯ ᠤᠨ ᠬᠠᠷᠢᠭᠤᠴᠠᠯᠭᠠᠲᠠᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷᠴᠤᠳ ᠤᠨ ᠲᠥᠯᠥᠭᠡᠯᠡᠭᠴᠢ᠂ ᠰᠢᠶᠠᠨ ᠬᠤᠲᠠ ᠳᠤ ᠰᠠᠭᠤᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号