| | | 12 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠰᠢᠶᠠᠨ ᠤ ᠨᠠᠮ ᠵᠠᠰᠠᠭ ᠤᠨ ᠲᠣᠮᠣ | ᠠᠰᠠᠷ ᠤᠨ 401 ᠬᠤᠷᠠᠯ ᠤᠨ ᠭᠡᠷ ᠲᠤ ᠮᠠᠨ ᠤ ᠰᠢᠶᠠᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠡᠯ᠎ᠡ ᠰᠢᠶᠠᠩ ᠪᠠᠯᠭᠠᠰᠤ᠂ | ᠨᠡᠭᠡᠭᠡᠯᠲᠡ ᠶᠢᠨ ᠲᠣᠭᠤᠷᠢᠭ᠂ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ | ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠠᠴᠠ ︽︿ᠬᠦᠬᠡᠬᠤᠲᠠ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ | ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠬᠤᠷᠢᠨᠭᠡᠷ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ︔ ᠰᠢᠶᠠᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ 2019 ᠣᠨ ᠤ 11 — 12 | ᠳ᠋ᠤᠭᠠᠷ ᠰᠠᠷ᠎ᠠ ᠶᠢᠨ ᠭᠠᠭ᠋ᠠᠶ ᠶᠢᠨ ᠮᠢᠬ᠎ᠠ᠂ ᠥᠨᠳᠡᠭᠡ᠂ ᠢᠳᠡᠰᠢᠨ ᠨᠣᠭᠤᠭ᠎ᠠ᠂ ᠰᠦ ᠶᠢᠨ ᠦᠨ᠎ᠡ ᠬᠠᠩᠰᠢ ᠶᠢᠨ | ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠳᠤ ᠮᠠᠨ ᠤ ᠰᠢᠶᠠᠨ ᠤ | ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠵᠡᠶ᠃ | ᠵᠠᠩ ᠯᠢᠨ ᠯᠢᠨ ᠴᠢᠬᠤᠯᠠᠴᠢᠯᠠᠭᠰᠠᠨ ᠨᠢ᠂ ᠣᠳᠣᠬᠠᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ︽ | ᠬᠠᠩᠭᠠᠯᠭ᠎ᠠ ᠶᠢ ᠪᠠᠲᠤᠯᠠᠬᠤ ᠪᠣᠯ ᠳᠠᠷᠤᠶ ᠦᠢᠯᠡᠳᠪᠦᠷᠢᠯᠡᠯ ᠢ ᠠᠬᠢᠭᠤᠯᠵᠤ᠂ ᠪᠠᠷᠠᠭ᠎ᠠ ᠶᠢᠨ ᠦᠨ᠎ᠡ ᠶᠢ | ᠲᠣᠭᠲᠠᠪᠤᠷᠢᠵᠢᠭᠤᠯᠬᠤ ᠪᠣᠯ ᠳᠠᠷᠤᠶ ᠠᠷᠠᠳ ᠤᠨ ᠠᠮᠢᠳᠤᠷᠠᠯ ᠢ ᠪᠠᠲᠤᠯᠠᠬᠤ ᠶᠠᠪᠤᠳᠠᠯ ᠮᠥᠨ︾᠂ ᠡᠯ᠎ᠡ ᠬᠠᠮᠢᠶ᠎ᠠ | ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠂ ᠤᠯᠤᠰ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠣᠷᠢᠵᠢᠭᠤᠯᠣᠨ᠂ ᠦᠨ᠎ᠡ ᠬᠠᠩᠰᠢ ᠶᠢ | ᠲᠣᠭᠲᠠᠭᠤᠨ ᠪᠠᠶᠢᠯᠭᠠᠬᠤ ᠶᠢ ᠪᠠᠲᠤᠯᠠᠬᠤ ᠠᠵᠢᠯ ᠤᠨ ᠭᠠᠷᠳᠠᠨ ᠬᠢᠬᠦ ᠴᠡᠭ᠂ ᠬᠦᠴᠦᠯᠡᠬᠦ ᠴᠡᠭ᠂ ᠵᠣᠭᠰᠣᠯᠲᠠ ᠶᠢᠨ | ᠴᠡᠭ ᠢ ᠡᠷᠢᠨ ᠣᠯᠵᠤ᠂ ᠠᠮᠢᠳᠣᠷᠠᠯ ᠳᠤ ᠵᠠᠪᠠᠯ ᠬᠡᠷᠡᠭᠰᠡᠬᠦ ᠵᠦᠢᠯᠡᠰ ᠤᠨ ᠦᠨ᠎ᠡ ᠶᠢ ᠡᠷᠡᠰ ᠲᠣᠭᠲᠠᠭᠤᠨ ᠪᠠᠶᠢᠯᠭᠠᠵᠤ᠂ | ᠢᠯᠠᠩᠭᠤᠶ᠎ᠠ ᠰᠢᠨ᠎ᠡ ᠵᠢᠯ᠂ ᠴᠠᠭᠠᠨ ᠰᠠᠷ᠎ᠠ ᠶᠢᠨ ︽ᠬᠤᠶᠠᠷ ᠪᠠᠶᠠᠷ︾ ᠤᠨ ᠬᠤᠭᠤᠴᠠᠭᠠᠨ ᠳᠠᠬᠢ ᠭᠠᠭ᠋ᠠᠶ ᠶᠢᠨ ᠮᠢᠬ᠎ᠠ᠂ | ᠢᠳᠡᠰᠢᠨ ᠨᠣᠭᠤᠭ᠎ᠠ ᠵᠡᠷᠭᠡ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ | ᠪᠠᠶᠢᠯᠭᠠᠬᠤ ᠠᠵᠢᠯ ᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠤ ᠮᠢᠬ᠎ᠠ ᠨᠣᠭᠤᠭ᠎ᠠ ᠬᠤᠳᠠᠯᠳᠣᠨ ᠠᠪᠴᠣ | ᠳᠡᠶᠢᠯᠬᠦ ᠶᠢ ᠦᠨᠡᠨᠬᠦ ᠪᠠᠲᠤᠯᠠᠵᠤ᠂ ᠰᠢᠨ᠎ᠡ ᠵᠢᠯ᠂ ᠴᠠᠭᠠᠨ ᠰᠠᠷ᠎ᠠ ︽ᠬᠤᠶᠠᠷ ᠲᠣᠮᠣ ᠪᠠᠶᠠᠷ ᠤᠨ ᠡᠳᠦᠷ︾ ᠲᠤ ᠰᠠᠶᠢᠨ | ᠰᠠᠶᠢᠬᠠᠨ ᠦᠨ᠎ᠡ ᠬᠠᠩᠰᠢ ᠶᠢᠨ ᠣᠷᠴᠢᠨ ᠲᠣᠭᠤᠷᠢᠨ ᠢ ᠪᠣᠢ ᠪᠣᠯᠭᠠᠵᠣ ᠥᠭᠬᠦ ᠬᠡᠷᠡᠭᠲᠡᠢ ᠭᠡᠪᠡ᠃ |