ᠬᠤᠷᠢᠨᠭᠡᠷ ᠰᠢᠶᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-08
     12 ᠳ᠋ᠤᠭᠠᠷ ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠰᠢᠶᠠᠨ ᠤ ᠵᠠᠰᠠᠭ ᠤᠨ ᠣᠷᠳᠣᠨ ᠤ 401 ᠬᠤᠷᠠᠯ ᠤᠨ ᠭᠡᠷ ᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠪᠦᠬᠦ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠧᠯᠸᠢᠰ ᠤᠲᠠᠰᠤᠲᠤ ᠬᠤᠷᠠᠯ ᠤᠨ ᠭᠤᠤᠯ ᠵᠣᠷᠢᠭ ᠰᠠᠨᠠᠭ᠎ᠠ ᠪᠣᠯᠤᠨ ᠪᠦᠬᠦ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠳᠠᠷᠠᠭᠠᠴᠢ ᠶᠢᠨ ᠠᠯᠬᠤᠮ ᠳᠤ ᠮᠠᠨ ᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠷᠠᠯ ᠳᠤ ᠣᠷᠣᠯᠴᠠᠭᠰᠠᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃      ᠵᠠᠩ ᠯᠢᠨ ᠯᠢᠨ ᠵᠢᠭᠠᠵᠣ ᠭᠠᠷᠭᠠᠭᠰᠠᠨ ᠨᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠪᠣᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠠᠰᠢᠭ ᠲᠤᠰᠠ ᠶᠢ ᠬᠠᠮᠠᠭᠠᠯᠠᠬᠤ ᠵᠠᠶᠢᠯᠠᠰᠢ ᠦᠭᠡᠢ ᠠᠷᠭ᠎ᠠ ᠬᠡᠮᠵᠢᠶ᠎ᠡ ᠪᠣᠯᠤᠨ᠎ᠠ᠃ ᠵᠣᠭᠰᠣᠴᠠ ᠪᠠᠨ ᠳᠡᠭᠡᠭᠰᠢᠯᠡᠭᠦᠯᠦᠨ᠂ ᠲᠠᠨᠢᠯᠲᠠ ᠪᠠᠨ  ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠦᠨᠳᠦᠷᠴᠡ ᠠᠴᠠ ᠦᠵᠡᠯ ᠰᠠᠨᠠᠭ᠎ᠠ ᠪᠠᠨ ᠨᠢᠭᠡᠳᠬᠡᠵᠦ᠂ ᠴᠢᠭᠯᠡᠯ ᠢᠶᠠᠨ ᠰᠠᠶᠢᠲᠤᠷ ᠡᠵᠡᠮᠳᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠯ᠎ᠡ ᠠᠵᠢᠯ ᠤᠨ ᠡᠭᠦᠷᠭᠡ ᠶᠢ ᠵᠠᠩᠭᠢᠯᠠᠭ᠎ᠠ ᠶᠢᠨ ᠴᠠᠭ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号