ᠢᠷᠡᠬᠦ ᠵᠢᠯ ᠠᠴᠠ ᠡᠬᠢᠯᠡᠨ ᠥᠪᠥᠷ ᠮᠣᠩᠭᠤᠯ ᠠᠶᠢᠮᠠᠭ ᠬᠤᠲᠠ ᠠᠯᠤᠰᠯᠠᠨ ᠡᠷᠦᠬᠡ ᠠᠮᠠ ᠰᠢᠯᠵᠢᠭᠦᠯᠬᠦ ᠶᠢ ︽ᠨᠢᠭᠡ ᠥᠷᠲᠡᠭᠡ ᠮᠠᠶ᠋ᠢᠭ︾ ᠢᠶᠠᠷ ᠭᠦᠶᠴᠡᠳᠬᠡᠬᠦ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020-01-08
      ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ ᠣᠯᠠᠨ ᠲᠦᠮᠡᠨ ᠳᠤ ᠦᠶᠯᠡᠴᠢᠯᠡᠬᠦ ᠠᠵᠤ ᠠᠬᠤᠶᠢᠯᠠᠯ ᠳᠤ ᠦᠶᠯᠡᠴᠢᠯᠡᠬᠦ 60 ᠵᠦᠶᠯ ᠤᠨ ᠠᠷᠭ᠎ᠠ ᠬᠡᠮᠵᠢᠶ᠎ᠡ︾ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠶᠢᠮᠠᠭ  ᠬᠤᠲᠠ  ᠠᠯᠤᠰᠯᠠᠨ  ᠡᠷᠦᠬᠡ  ᠠᠮᠠ  ᠰᠢᠯᠵᠢᠭᠦᠯᠬᠦ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠲᠤᠰᠠᠳᠠ᠂ 2020 ᠣᠨ ᠤ 1 ᠳ᠋ᠦ᠋ᠭᠡᠷ ᠰᠠᠷ᠎ᠠ ᠶᠢᠨ  1   ᠤ  ᠡᠳᠦᠷ   ᠠᠴᠠ ᠡᠬᠢᠯᠡᠨ᠂ ᠪᠦᠬᠦ ᠥᠪᠥᠷ ᠮᠣᠩᠭᠤᠯ ᠣᠷᠣᠨ ᠳᠤ ᠠᠶᠢᠮᠠᠭ ᠬᠤᠲᠠ ᠠᠯᠤᠰᠯᠠᠨ ᠡᠷᠦᠬᠡ  ᠠᠮᠠ  ᠰᠢᠯᠵᠢᠭᠦᠯᠬᠦ  ︽ᠨᠢᠭᠡ  ᠥᠷᠲᠡᠭᠡ ᠮᠠᠶ᠋ᠢᠭ︾ ᠢᠶᠠᠷ ᠭᠦᠶᠴᠡᠳᠬᠡᠬᠦ ᠶᠢ ᠬᠡᠷᠡᠭᠵᠢᠭᠦᠯᠦᠨ᠎ᠡ᠃              ︽ᠨᠢᠭᠡ ᠥᠷᠲᠡᠭᠡ ᠮᠠᠶ᠋ᠢᠭ︾ ᠢᠶᠠᠷ ᠭᠦᠶᠴᠡᠳᠬᠡᠬᠦ ᠳᠤ ᠲᠣᠬᠢᠷᠠᠬᠤ ᠡᠲᠡᠭᠡᠳ ᠨᠢ ᠥᠪᠥᠷ ᠮᠣᠩᠭᠤᠯ ᠣᠷᠣᠨ  ᠤ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠪᠠᠶᠢᠬᠤ ᠬᠡᠷᠡᠭᠲᠡᠢ᠂ ᠡᠷᠦᠬᠡ  ᠠᠮᠠ   ᠪᠠᠨ  ᠰᠢᠯᠵᠢᠭᠦᠯᠬᠦ   ᠶᠢ  ᠵᠥᠪᠰᠢᠶᠡᠷᠡᠬᠦ  ᠪᠠ ᠨᠡᠭᠦᠯᠭᠡᠬᠦ ᠮᠡᠳᠡᠭᠡ ᠵᠠᠩᠭᠢ ᠶᠢ ᠰᠦᠯᠵᠢᠶ᠎ᠡ   ᠪᠠᠷ  ᠳᠠᠮᠵᠢᠭᠤᠯᠤᠨ  ᠡᠷᠭᠢᠯᠳᠦᠭᠦᠯᠵᠦ᠂  ︽ᠡᠷᠦᠬᠡ  ᠠᠮᠠ   ᠪᠠᠨ  ᠰᠢᠯᠵᠢᠭᠦᠯᠬᠦ   ᠶᠢ ᠵᠥᠪᠰᠢᠶᠡᠷᠡᠬᠦ ᠦᠨᠡᠮᠯᠡᠯ︾ ᠪᠠ ︽ᠡᠷᠦᠬᠡ ᠠᠮᠠ ᠪᠠᠨ ᠨᠡᠭᠦᠯᠭᠡᠬᠦ ᠶᠢ ᠵᠥᠪᠰᠢᠶᠡᠷᠡᠬᠦ ᠦᠨᠡᠮᠯᠡᠯ︾ ᠢ ᠳᠠᠬᠢᠵᠤ ᠭᠠᠷᠭᠠᠬᠤ  ᠥᠬᠡᠶ᠃ ︽ᠨᠢᠭᠡ ᠥᠷᠲᠡᠭᠡ ᠮᠠᠶ᠋ᠢᠭ︾ ᠢᠶᠠᠷ ᠭᠦᠶᠴᠡᠳᠬᠡᠬᠦ  ᠠᠴᠠ ᠡᠮᠦᠨ᠎ᠡ ᠨᠢᠭᠡᠨᠲᠡ ︽ᠡᠷᠦᠬᠡ ᠠᠮᠠ ᠪᠠᠨ ᠰᠢᠯᠵᠢᠭᠦᠯᠬᠦ ᠶᠢ  ᠵᠥᠪᠰᠢᠶᠡᠷᠡᠬᠦ ᠦᠨᠡᠮᠯᠡᠯ︾᠂ ︽ᠡᠷᠦᠬᠡ ᠠᠮᠠ ᠪᠠᠨ ᠨᠡᠭᠦᠯᠭᠡᠬᠦ ᠶᠢ ᠵᠦᠪᠰᠢᠶᠡᠷᠡᠬᠦ ᠦᠨᠡᠮᠯᠡᠯ︾ ᠢ ᠭᠦᠶᠴᠡᠳᠬᠡᠭᠰᠡᠨ ᠪᠠᠶᠢᠪᠠᠯ᠂ ᠮᠥᠨ ᠤᠤᠯ   ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠨᠡᠭᠦᠵᠦ ᠣᠷᠣᠬᠤ ᠭᠠᠵᠠᠷ ᠤᠨ ᠡᠷᠦᠬᠡ ᠠᠮᠠ  ᠣᠷᠣᠬᠤ  ᠨᠥᠬᠦᠴᠡᠯ   ᠳᠤ  ᠨᠡᠶᠢᠴᠡᠬᠦ ᠪᠥᠭᠡᠳ ᠭᠡᠷᠡᠴᠢ ᠮᠠᠲ᠋ᠧᠷᠢᠶᠠᠯ ᠨᠢ ᠪᠦᠷᠢᠨ ᠭᠦᠶᠴᠡᠳ ᠪᠠᠶᠢᠪᠠᠯ᠂ ᠣᠯᠠᠨ ᠲᠦᠮᠡᠨ ᠨᠡᠭᠦᠵᠦ ᠣᠷᠣᠬᠤ ᠭᠡᠵᠦ ᠪᠠᠶᠢᠭ᠎ᠠ ᠭᠠᠵᠠᠷ   ᠤᠨ ᠲᠣᠮᠢᠯᠠᠭᠰᠠᠨ ᠰᠠᠯᠪᠤᠷᠢ ᠳᠤ ᠣᠴᠢᠵᠤ ᠡᠷᠦᠬᠡ  ᠠᠮᠠ  ᠣᠷᠣᠬᠤ   ᠪᠠᠷ  ᠭᠤᠶᠤᠴᠢᠯᠠᠵᠤ  ᠪᠣᠯᠤᠨ᠎ᠠ᠂  ᠡᠷᠦᠬᠡ  ᠠᠮᠠ  ᠣᠷᠣᠬᠤ ᠭᠤᠶᠤᠴᠢᠯᠠᠯ᠂ ᠲᠣᠰ ᠬᠥᠮᠦᠨ ᠵᠢᠴᠢ ᠳᠠᠭᠠᠵᠤ ᠨᠡᠭᠦᠭᠰᠡᠨ ᠬᠥᠮᠦᠰ ᠤᠨ ᠡᠷᠦᠬᠡ ᠠᠮᠠ ᠶᠢᠨ  ᠳᠡᠪᠲᠡᠷ  ᠵᠡᠷᠭᠡ   ᠨᠢ  ᠡᠷᠬᠡᠪᠰᠢ ᠬᠡᠷᠡᠭᠰᠡᠬᠦ ᠮᠠᠲ᠋ᠧᠷᠢᠶᠠᠯ ᠪᠣᠯᠤᠨ᠎ᠠ᠃ ᠨᠡᠭᠦᠵᠦ ᠣᠷᠣᠬᠤ ᠪᠠᠷ ᠪᠠᠶᠢᠭ᠎ᠠ ᠭᠠᠵᠠᠷ ᠤᠨ ᠡᠷᠦᠬᠡ ᠠᠮᠠ ᠣᠷᠣᠭᠤᠯᠬᠤ ᠨᠥᠬᠦᠴᠡᠯ᠂ ᠭᠡᠷᠡᠴᠢ ᠮᠠᠲ᠋ᠧᠷᠢᠶᠠᠯ ᠨᠢ ᠪᠦᠷᠢᠨ ᠭᠦᠶᠴᠡᠳ ᠪᠥᠭᠡᠳ ᠪᠠᠶᠢᠴᠠᠭᠠᠨ ᠬᠠᠷᠭᠤᠭᠤᠯᠬᠤ ᠴᠢᠬᠤᠯᠠ ᠦᠭᠡᠢ ᠪᠣᠯ᠂ ᠬᠠᠮᠤᠭ ᠤᠷᠲᠤ ᠳᠠᠭᠠᠨ 10 ᠠᠵᠢᠯᠯᠠᠬᠤ ᠡᠳᠦᠷ ᠲᠤ ᠭᠦᠶᠴᠡᠳᠬᠡᠵᠦ ᠳᠠᠭᠤᠰᠬᠠᠬᠤ ᠬᠡᠷᠡᠭᠲᠡᠶ᠃ ᠪᠠᠶᠢᠴᠠᠭᠠᠨ  ᠬᠠᠷᠭᠤᠭᠤᠯᠬᠤ  ᠴᠢᠬᠤᠯᠠ   ᠲᠠᠢ  ᠪᠣᠯ  ᠬᠠᠮᠤᠭ ᠤᠷᠲᠤ  ᠳᠠᠭᠠᠨ 15 ᠠᠵᠢᠯᠯᠠᠬᠤ ᠡᠳᠦᠷ ᠲᠤ ᠰᠢᠶᠳᠪᠦᠷᠢᠯᠡᠵᠦ ᠳᠠᠭᠤᠰᠬᠠᠬᠤ ᠬᠡᠷᠡᠭᠲᠡᠶ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠣᠯᠠᠨ ᠲᠦᠮᠡᠨ ᠥᠪᠥᠷ ᠮᠣᠩᠭᠤᠯ ᠣᠷᠣᠨ   ᠳᠤ ᠨᠡᠭᠦᠵᠦ ᠣᠷᠤᠬᠤ ᠶᠢ ᠂ ︽ᠨᠢᠭᠡ ᠥᠷᠲᠡᠭᠡ ᠮᠠᠶ᠋ᠢᠭ︾ ᠢᠶᠠᠷ ᠭᠦᠶᠴᠡᠳᠬᠡᠬᠦ ᠶᠢ ᠲᠦᠷ ᠴᠠᠭ ᠬᠡᠷᠡᠭᠵᠢᠭᠦᠯᠵᠦ ᠪᠣᠯᠬᠤ ᠦᠭᠡᠢ᠃              ᠡᠨᠡ ᠪᠣᠯ ᠥᠪᠡᠷᠲᠡᠭᠡᠨ ᠵᠠᠰᠠᠬᠤ ᠣᠷᠣᠨ ᠤ  ᠳᠣᠲᠣᠭᠠᠳᠤ   ᠶᠢ  ᠬᠠᠮᠠᠭᠠᠯᠠᠬᠤ  ᠲᠢᠩᠬᠢᠮ ᠤᠨ  ᠥᠭᠡᠷᠡᠴᠢᠯᠡᠯᠲᠡ   ᠶᠢ ᠲᠦᠯᠬᠢᠨ ᠠᠬᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠮᠲᠠᠬᠢ ᠠᠷᠠᠳ ᠲᠤ  ᠳᠥᠭᠦᠮ  ᠦᠵᠡᠭᠦᠯᠬᠦ  ᠪᠠᠰᠠ  ᠨᠢᠭᠡ ᠵᠦᠶᠯ ᠤᠨ ᠠᠷᠭ᠎ᠠ ᠬᠡᠮᠵᠢᠶ᠎ᠡ ᠪᠣᠯᠤᠨ᠎ᠠ᠃ ᠣᠯᠠᠨ ᠲᠦᠮᠡᠨ ᠨᠡᠭᠦᠵᠦ  ᠣᠷᠣᠬᠤ  ᠭᠠᠵᠠᠷ  ᠪᠠ  ᠨᠡᠭᠦᠵᠦ  ᠭᠠᠷᠬᠤ  ᠭᠠᠵᠠᠷ   ᠤᠨ ᠬᠤᠭᠤᠷᠣᠨᠳᠣ ᠨᠠᠭᠠᠰᠢ ᠴᠠᠭᠠᠰᠢ ᠲᠡᠪᠵᠢᠶᠡᠷᠡᠵᠦ ᠭᠦᠶᠦᠬᠦ ᠴᠢᠬᠤᠯᠠ ᠦᠭᠡᠢ ᠪᠣᠯᠵᠠᠶ᠃ ᠬᠥᠮᠦᠨ ᠪᠦᠷᠢ ᠶᠢᠨ 300  ᠲᠥᠭᠦᠷᠢᠭ ᠤᠨ ᠵᠠᠷᠤᠳᠠᠯ ᠢᠶᠠᠷ ᠪᠤᠳᠤᠪᠠᠯ᠂ ᠵᠢᠯ ᠪᠦᠷᠢ ᠪᠠᠷᠤᠭ 1500 ᠲᠦᠮᠡᠨ ᠲᠥᠭᠦᠷᠢᠭ ᠤᠨ ᠨᠡᠶᠢᠭᠡᠮ ᠤᠨ ᠥᠪᠡᠷ ᠤᠨ  ᠥᠷᠲᠡᠭ   ᠢ ᠠᠷᠪᠢᠯᠠᠬᠤ ᠶᠢᠨ ᠬᠠᠮᠲᠤ ᠪᠠᠰᠠ ᠴᠠᠭ ᠤᠨ ᠥᠪᠡᠷ ᠤᠨ ᠥᠷᠲᠡᠭ ᠢ ᠠᠷᠪᠢᠯᠠᠭᠰᠠᠨ ᠪᠠᠶᠢᠨ᠎ᠠ᠃ ᠵᠢᠱᠢᠵᠦ ᠪᠤᠳᠤᠭᠰᠠᠨ ᠢᠶᠠᠷ᠂  ᠵᠢᠯ ᠪᠦᠷᠢ 5 ᠲᠦᠮᠡᠨ ᠠᠷᠠᠳ ᠠᠰᠢᠭ ᠬᠦᠷᠲᠡᠬᠦ ᠪᠣᠯᠤᠨ᠎ᠠ᠃ ︵ᠰᠤᠷᠪᠤᠯᠵᠢᠯᠠᠭᠴᠢ ᠴᠧᠨ ᠴᠦᠨ ᠶᠠᠨ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号