ᠬᠥᠬᠡᠬᠤᠲᠠ ᠶᠢᠨ ᠬᠤᠶᠠᠷ ᠦᠷ᠎ᠡ  ᠪᠦᠳᠦᠭᠡᠯ 2020 ᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠳᠤ ᠨᠡᠷ᠎ᠡ ᠳᠤᠷᠠᠳᠤᠭᠳᠠᠪᠠ
ᠨᠡᠶᠢᠲᠡᠯᠡᠭᠰᠡᠨ ᠴᠠᠭ᠄
2020/1/9
      ︵ᠰᠤᠷᠪᠤᠯᠵᠢᠯᠠᠭᠴᠢ ᠶᠠᠩ ᠶᠦᠩ ᠭᠠᠩ︶ ᠥᠴᠥᠭᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2020 ᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠳᠤ ᠨᠡᠷ᠎ᠡ ᠳᠤᠷᠠᠳᠤᠭᠳᠠᠭᠰᠠᠨ ᠲᠥᠷᠥᠯ ᠵᠦᠢᠯ ᠢ ᠨᠡᠶᠢᠲᠡᠯᠡᠵᠦ᠂ ᠬᠥᠬᠡᠬᠤᠲᠠ ᠶᠢᠨ ᠬᠤᠶᠠᠷ ᠠᠵᠤ ᠠᠬᠤᠶᠢᠯᠠᠯ ᠤᠨ ᠣᠷᠣᠯᠴᠠᠵᠤ ᠪᠡᠶᠡᠯᠡᠭᠦᠯᠦᠭᠰᠡᠨ ᠬᠤᠶᠠᠷ ᠲᠥᠷᠥᠯ ᠤᠨ ᠦᠷ᠎ᠡ ᠪᠦᠳᠦᠭᠡᠯ ᠨᠡᠷ᠎ᠡ ᠲᠤᠷᠠᠳᠤᠭᠳᠠᠪᠠ᠃       ᠣᠶᠢᠯᠠᠭᠠᠭᠰᠠᠨ ᠢᠶᠠᠷ᠂ ᠡᠨᠡ ᠬᠤᠶᠠᠷ ᠦᠷ᠎ᠡ  ᠪᠦᠳᠦᠭᠡᠯ ᠨᠢ ᠲᠤᠰ ᠲᠤᠰ ᠥᠪᠥᠷ ᠮᠣᠩᠭᠤᠯ ᠤᠨ ᠮᠧᠩ ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠣᠷᠣᠯᠴᠠᠵᠤ ᠪᠡᠶᠡᠯᠡᠭᠦᠯᠦᠭᠰᠡᠨ ︽ᠮᠠᠨ ᠤ ᠤᠯᠤᠰ ᠤᠨ ᠬᠠᠭᠠᠰ ᠭᠠᠩ ᠬᠠᠭᠤᠷᠠᠢ ᠣᠷᠣᠨ ᠤ ᠪᠡᠯᠴᠢᠭᠡᠷ ᠤᠨ ᠶᠠᠰᠤ ᠴᠢᠨᠠᠷ ᠢ ᠰᠠᠶᠢᠵᠢᠷᠠᠭᠤᠯᠵᠤ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ  ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠯᠲᠡ︾ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠬᠤᠶᠠᠳᠤᠭᠠᠷ ᠲᠡᠰ ᠤᠨ ᠱᠠᠩᠨᠠᠯ ᠢᠶᠠᠷ ᠨᠡᠷ᠎ᠡ ᠳᠤᠷᠠᠳᠤᠭᠳᠠᠵᠤ᠂ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠣᠷᠣᠯᠴᠠᠵᠤ ᠪᠡᠶᠡᠯᠡᠭᠦᠯᠦᠭᠰᠡᠨ ︽ᠭᠡᠳᠡᠰᠦᠨ ᠤ ᠪᠠᠺᠲ᠋ᠧᠷᠢ ᠶᠢᠨ ᠪᠦᠯᠦᠭᠯᠡᠯ ᠳᠤ ᠰᠠᠭᠤᠷᠢᠯᠠᠭᠰᠠᠨ ᠠᠰᠢᠭᠲᠤ ᠰᠦᠨ ᠬᠦᠴᠢᠯ ᠤᠨ ᠪᠠᠺᠲ᠋ᠧᠷᠢ ᠶᠢ  ᠤᠨᠤᠪᠴᠢᠳᠠᠢ ᠰᠢᠭᠰᠢᠨ ᠰᠣᠩᠭᠤᠬᠤ ᠵᠢᠴᠢ ᠠᠵᠤ ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ︾ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢᠨ ᠱᠠᠩᠨᠠᠯ ᠤᠨ ᠬᠤᠶᠠᠳᠤᠭᠠᠷ ᠲᠡᠰ ᠤᠨ ᠱᠠᠩᠨᠠᠯ ᠢᠶᠠᠷ ᠨᠡᠷ᠎ᠡ ᠳᠤᠷᠠᠳᠤᠭᠳᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ