ᠡᠯ᠎ᠡ ᠵᠣᠶᠢᠯ ᠤᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠡᠩ ᠰᠠᠶᠢᠲᠤᠷ | ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠲᠦᠷᠦ ᠶᠢᠨ ᠪᠤᠳᠤᠯᠭ᠎ᠠ ᠪᠠᠷ ᠨᠡᠩ ᠤᠯᠠᠨ ᠠᠵᠤ | ᠠᠬᠤᠶᠢᠯᠠᠯ ᠪᠠ ᠠᠵᠢᠯᠳᠠᠨ ᠠᠵᠢᠯᠴᠢᠨ ᠳᠤ ᠠᠰᠢᠭ ᠬᠦᠷᠲᠡᠭᠡᠬᠦ ᠶᠢᠨ ᠲᠥᠯᠥᠭᠡ᠂ ᠰᠢᠨ᠎ᠡ ᠬᠤᠲᠠ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ 2020 ᠣᠨ ᠤ 1 — | 9 ᠳ᠋ᠦ᠋ᠭᠡᠷ ᠰᠠᠷ᠎ᠠ ᠳᠤ ᠡᠯ᠎ᠡ ᠵᠣᠶᠢᠯ ᠤᠨ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠶᠢ ᠨᠡᠶᠢᠲᠡ 3622. | 55 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠄ ᠠᠵᠢᠯ ᠣᠯᠬᠤ ᠳᠤ ᠬᠦᠴᠢᠷᠲᠡᠶ ᠬᠥᠮᠦᠰ ᠤᠨ ᠨᠡᠶᠢᠭᠡᠮ ᠤᠨ | ᠳᠠᠭᠠᠳᠬᠠᠯ ᠤᠨ ᠨᠥᠬᠦᠪᠥᠷᠢ 1632.96 ᠲᠦᠮᠡᠨ ᠲᠥᠭᠦᠷᠢᠭ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠨᠥᠬᠦᠪᠥᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠥᠷᠢ 697.47 ᠲᠦᠮᠡᠨ ᠲᠥᠭᠦᠷᠢᠭ | ᠂ ᠠᠵᠢᠯ ᠣᠯᠬᠤ ᠳᠠᠳᠤᠯᠭ᠎ᠠ ᠶᠢᠨ ᠨᠥᠬᠦᠪᠥᠷᠢ 26.53 ᠲᠦᠮᠡᠨ ᠲᠥᠭᠦᠷᠢᠭ᠂ ᠠᠷᠠᠳ ᠤᠨ ᠠᠮᠢᠳᠤᠷᠠᠯ ᠤᠨ ᠰᠠᠶᠢᠨ | ᠳᠤᠷᠠᠴᠤᠳ ᠤᠨ ᠨᠥᠬᠦᠪᠥᠷᠢ 805.17 ᠲᠦᠮᠡᠨ ᠲᠥᠭᠦᠷᠢᠭ᠂ ᠬᠥᠳᠡᠭᠡ ᠲᠣᠰᠬᠤᠨ ᠤ ᠲᠤᠰᠠᠯᠠᠭᠴᠢ 0.98 | ᠲᠦᠮᠡᠨ ᠲᠥᠭᠦᠷᠢᠭ᠂ ᠴᠢᠳᠠᠪᠤᠷᠢᠲᠠᠨ ᠤ ᠨᠥᠭᠡᠴᠡ 72.24 ᠲᠦᠮᠡᠨ ᠲᠦᠭᠦᠷᠢᠭ᠂ ᠠᠵᠢᠯ ᠠᠯᠳᠠᠯᠲᠠ ᠶᠢᠨ | ᠪᠠᠶᠢᠳᠠᠯ ᠢ ᠬᠢᠨᠠᠨ ᠪᠠᠶᠢᠴᠠᠭᠠᠬᠤ ᠨᠥᠬᠦᠪᠥᠷᠢ ᠪᠠ ᠪᠣᠯᠪᠠᠰᠤᠷᠠᠯ ᠤᠨ ᠨᠥᠬᠦᠪᠥᠷᠢ 10.78 ᠲᠦᠮᠡᠨ ᠲᠥᠭᠦᠷᠢᠭ᠂ | ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ 89.42 ᠲᠦᠮᠡᠨ ᠲᠥᠭᠦᠷᠢᠭ᠂ ᠨᠢᠭᠡ ᠯᠡ ᠤᠳᠠᠭ᠎ᠠ ᠶᠢᠨ | ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ 0.5 ᠲᠦᠮᠡᠨ ᠲᠥᠭᠦᠷᠢᠭ᠂ ᠱᠠᠩᠨᠠᠬᠤ ᠪᠠᠷ ᠨᠥᠬᠦᠪᠥᠷᠢᠯᠡᠬᠦ ᠶᠢ | ᠣᠷᠣᠯᠠᠭᠤᠯᠬᠤ ᠪᠠᠯᠠ ᠮᠥᠩᠭᠦ 286 ᠲᠦᠮᠡᠨ ᠲᠥᠭᠦᠷᠢᠭ ᠪᠣᠯᠤᠨ᠎ᠠ᠃ | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ︽ᠵᠢᠷᠭᠤᠭ᠎ᠠ ᠶᠢ | ᠲᠤᠭᠲᠠᠪᠤᠷᠢᠵᠢᠭᠤᠯᠬᠤ︾ ᠶᠢᠨ ᠲᠡᠷᠢᠭᠦᠨ ᠳᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠪᠠᠯ ᠠᠷᠠᠳ ᠤᠨ | ᠰᠡᠳᠬᠢᠯ ᠢ ᠲᠣᠭᠲᠠᠭᠤᠨ ᠪᠣᠯᠭᠠᠨ᠎ᠠ᠃ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠣᠯᠭᠤᠬᠤ ᠨᠢ ︽ | ᠵᠢᠷᠭᠤᠭ᠎ᠠ ᠶᠢ ᠲᠤᠭᠲᠠᠪᠤᠷᠢᠵᠢᠭᠤᠯᠵᠤ ᠵᠢᠷᠭᠤᠭ᠎ᠠ ᠶᠢ ᠪᠠᠲᠤᠯᠠᠬᠤ︾ ᠶᠢ ᠨᠠᠶᠢᠳᠠᠪᠤᠷᠢᠵᠢᠭᠤᠯᠬᠤ ᠬᠠᠨᠳᠤᠯᠭᠠᠲᠤ ᠴᠢᠨᠠᠷᠲᠠᠶ | ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠮᠥᠨ ᠴᠦ ᠠᠵᠢᠯ ᠣᠯᠭᠤᠯᠲᠠ ᠶᠢ ᠦᠨᠡᠨ ᠬᠦ ᠠᠬᠢᠭᠤᠯᠵᠤ᠂ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠮᠥᠨ᠃ ᠠᠵᠢᠯ | ᠣᠯᠭᠤᠯᠲᠠ ᠶᠢᠨ ᠨᠥᠬᠦᠪᠥᠷᠢ ᠪᠡᠯᠡ ᠮᠥᠩᠭᠦ ᠣᠯᠭᠤᠬᠤ ᠪᠠᠷ ᠳᠠᠮᠵᠢᠭᠤᠯᠤᠨ᠂ ᠠᠵᠢᠯ ᠤᠯᠬᠤ ᠳᠤ ᠬᠦᠴᠢᠷᠲᠡᠶ | ᠬᠥᠮᠦᠰ ᠵᠢᠴᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠦᠴᠦᠲᠡᠶ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ | ᠠᠵᠤ ᠠᠬᠤᠶᠢᠯᠠᠯ ᠤᠨ ᠬᠥᠮᠦᠨ ᠬᠡᠷᠡᠭᠯᠡᠬᠦ ᠥᠪᠡᠷ ᠤᠨ ᠦᠷᠲᠡᠭ ᠢ ᠪᠠᠭᠤᠷᠠᠭᠤᠯᠵᠤ᠂ ᠡᠭᠦᠨ ᠤ ᠬᠠᠮᠲᠤ᠂ ᠰᠢᠨ᠎ᠡ | ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | ᠪᠠᠰᠠ ᠡᠯ᠎ᠡ ᠲᠥᠷᠥᠯ ᠤᠨ ᠬᠥᠮᠦᠰ ᠤᠨ ᠠᠵᠢᠯ ᠣᠯᠭᠤᠯᠲᠠ ᠶᠢᠨ ᠪᠠᠶᠢᠳᠠᠯ ᠢ ᠤᠯᠠᠮ ᠨᠢᠭᠡ ᠠᠯᠬᠤᠮ ᠮᠥᠷᠳᠡᠬᠦ ᠶᠢᠨ | ᠬᠠᠮᠲᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ | ᠪᠠᠲᠤᠯᠠᠨ᠎ᠠ᠃ |