ᠬᠤᠲᠠ ᠶᠢᠨ ᠵᠠᠰᠠᠭ ᠤᠨ ᠣᠷᠳᠣᠨ 2020 ᠣᠨ ᠤ 37 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/10
ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ      10 ᠳ᠋ᠤᠭᠠᠷ ᠰᠠᠷ᠎ᠠ ᠶᠢᠨ 9 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 37 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠬᠤ᠂ ᠬᠤᠲᠠ ᠶᠢᠨ ᠲᠡᠰ ᠤᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠴᠡᠪᠡᠷᠯᠡᠬᠦ ᠪᠠ ᠨᠤᠲᠠᠯᠠᠬᠤ᠂ ᠪᠦᠬᠦ ᠬᠤᠲᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ ᠪᠠ ᠵᠢᠱᠢᠶᠡᠴᠢ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠬᠤ ᠵᠡᠷᠭᠡ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠠᠵᠤ ᠠᠬᠤᠢ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠥᠷᠭᠡᠨ ᠣᠯᠠᠨ ᠲᠦᠮᠡᠨ ᠤ ᠵᠢᠭᠤᠯᠴᠢᠯᠠᠯ ᠤᠨ ᠱᠠᠭᠠᠷᠳᠠᠯᠭ᠎ᠠ ᠴᠦ ᠲᠠᠰᠤᠷᠠᠯᠲᠠ ᠦᠭᠡᠢ ᠨᠡᠮᠡᠭᠳᠡᠵᠦ ᠪᠤᠢ᠃ ︽ᠬᠥᠬᠡᠬᠤᠲᠠ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠵᠢᠭᠤᠯᠴᠢᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠠᠨ ᠤ ᠵᠢᠭᠤᠯᠴᠢᠯᠠᠯ ᠤᠨ ᠦᠢᠯᠡᠰ᠂ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠰᠢᠨ᠎ᠡ ᠬᠤᠪᠢᠷᠠᠯᠲᠠ ᠶᠢ ᠪᠦᠲᠦᠮᠵᠢᠲᠡᠢ ᠬᠠᠩᠭᠠᠨ᠂ ᠣᠯᠠᠨ ᠲᠦᠮᠡᠨ ᠤ ᠵᠢᠭᠤᠯᠴᠢᠯᠠᠯ ᠤᠨ ᠰᠢᠨ᠎ᠡ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠳᠦᠷᠢᠮ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠨᠢ ᠲᠥᠪ ᠬᠤᠲᠠ ᠶᠢᠨ ᠣᠨᠴᠠᠯᠢᠭ ᠢ ᠢᠯᠡᠷᠡᠭᠦᠯᠵᠦ᠂ ᠰᠢᠨ᠎ᠡ ᠬᠡᠯᠪᠡᠷᠢ ᠶᠢᠨ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠵᠦ᠂ ᠲᠥᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠲᠡᠰ ᠤᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠴᠡᠪᠡᠷᠯᠡᠬᠦ ᠪᠠ ᠨᠤᠲᠠᠯᠠᠬᠤ ᠠᠵᠢᠯ ᠢ ᠰᠠᠶᠢᠨ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠬᠦ ᠨᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠂ ᠬᠠᠤᠯᠢ ᠶᠣᠰᠣᠭᠠᠷ ᠵᠠᠰᠠᠭ ᠪᠠᠷᠢᠬᠤ ᠳᠤ ᠠᠰᠢᠭᠲᠠᠢ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠳᠤ ᠲᠤᠭᠲᠠᠭᠠᠭᠰᠠᠨ ᠲᠡᠰ ᠲᠠᠷᠠᠭᠠᠯᠠᠯ ᠪᠠ ᠡᠷᠬᠡ ᠶᠢᠨ ᠬᠢᠵᠠᠭᠠᠷᠯᠠᠯ ᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ ᠵᠢᠷᠤᠮᠵᠢᠭᠤᠯᠵᠤ᠂ ᠬᠠᠤᠯᠢ ᠳᠦᠷᠢᠮ ᠶᠣᠰᠣᠭᠠᠷ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ ᠪᠠ ᠵᠢᠱᠢᠶᠡᠴᠢ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠮᠥᠨᠴᠦ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠨᠢᠭᠡᠨ ᠪᠣᠳᠠᠲᠠᠢ ᠠᠵᠢᠯ ᠪᠣᠯᠣᠨ᠎ᠠ᠂ ᠪᠦᠬᠦ ᠬᠤᠲᠠ ᠶᠢᠨ ᠲᠡᠭᠡᠳᠦ ᠲᠤᠤᠷᠠᠳᠤ ᠡᠯ᠎ᠡ  ᠱᠠᠳᠤᠨ ᠤ ᠬᠢᠨ ᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ᠵᠢᠱᠢᠶᠡᠴᠢ ᠬᠠᠮᠲᠤ ᠨᠢᠭᠡᠴᠡ ᠪᠠ ᠵᠢᠱᠢᠶᠡᠴᠢ ᠬᠤᠪᠢ ᠬᠥᠮᠥᠨ ᠢ ᠰᠢᠯᠭᠠᠷᠠᠭᠤᠯᠤᠨ ᠲᠠᠨᠢᠯᠴᠠᠭᠤᠯᠬᠤ ᠠᠵᠢᠯ ᠢ ᠦᠨᠡᠨᠬᠦ ᠰᠠᠶᠢᠨ ᠬᠢᠵᠦ᠂ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠵᠣᠬᠢᠶᠠᠨ ᠪᠠᠶᠢᠭᠤᠯᠬᠤ᠂ ᠪᠡᠯᠡᠳᠬᠡᠬᠦ ᠵᠡᠷᠭᠡ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠶᠡᠭᠡ ᠬᠤᠷᠠᠯ ᠤᠨ ᠲᠡᠭᠦᠰ ᠠᠮᠵᠢᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠪᠡ᠃     ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠠᠨ ᠹᠧᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号