2014 ᠤᠨ ᠠᠴᠠ ᠠᠪᠤᠭᠠᠳ ᠤᠳᠤ ᠪᠤᠯᠲᠠᠯ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 140 ᠡᠷᠦᠬᠡ ᠪᠦᠬᠦ ᠤᠯᠤᠰ ᠤᠨ ᠲᠠᠪᠤᠨ ᠰᠠᠶᠢᠨᠲᠠᠢ ᠭᠡᠷ ᠪᠦᠯᠢ᠂ ᠪᠦᠬᠦ ᠤᠯᠤᠰ ᠤᠨ ᠬᠠᠮᠤᠭ ᠤᠨ ᠭᠤᠶᠤ ᠭᠡᠷ ᠪᠦᠯᠢ ᠪᠠᠷ ᠡᠷᠬᠦᠮᠵᠢᠯᠡᠭᠲᠡᠯ᠎ᠡ
ᠨᠡᠶᠢᠲᠡᠯᠡᠭᠰᠡᠨ ᠴᠠᠭ᠄
2020/10/10
     ᠬᠦᠬᠡᠬᠤᠲᠠ ᠶᠢᠨ ᠡᠲᠦᠷ ᠤᠨ ᠰᠤᠨᠢᠨ ᠤ ᠮᠡᠲᠡᠭᠡ  ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠬᠴᠢ ᠤᠶᠢᠷ᠎ᠡ ᠳᠤ ᠤᠯᠵᠤ ᠮᠡᠲᠡᠭᠰᠡᠨ ᠢᠶᠠᠷ᠂ ᠤᠳᠤᠬᠠᠨ ᠪᠤᠯᠲᠠᠯ᠎ᠠ ᠪᠦᠬᠦ ᠤᠷᠤᠨ ᠳᠤ ᠬᠡᠵᠢᠭ ᠲᠠᠢ ᠲᠡᠮᠡᠴᠡᠭᠰᠡᠨ᠂ ᠪᠤᠬᠢᠷᠲᠤᠯ ᠦᠭᠡᠢ ᠬᠦᠭᠵᠢᠯᠲᠡ᠂ ᠠᠳᠠᠯ ᠦᠢᠯᠡᠰ ᠢᠶᠠᠷ ᠶᠠᠲᠠᠭᠤ ᠠᠴᠠ ᠠᠩᠭᠢᠵᠢᠷᠠᠬᠰᠠᠨ᠂  ᠦᠨᠲᠦᠰᠦᠲᠡᠨ ᠤ  ᠪᠦᠯᠬᠦᠲᠡᠯ᠂ ᠬᠡᠪ ᠵᠠᠩᠰᠢᠯ ᠢᠶᠠᠨ ᠦᠭᠡᠷᠡᠴᠢᠯᠡᠭᠰᠡᠨ᠂ ᠨᠠᠰᠤᠲᠠᠨ ᠢᠶᠠᠨ ᠠᠴᠢᠯᠠᠵᠤ ᠰᠠᠳᠤᠨ ᠲᠦᠷᠦᠯ ᠢᠶᠠᠨ ᠬᠠᠯᠠᠮᠵᠢᠯᠠᠬᠰᠠᠨ᠂ ᠠᠵᠢᠯᠴᠢ ᠠᠷᠪᠢᠴᠢ ᠪᠠᠷ ᠠᠲᠠᠯ ᠠᠮᠢᠲᠤᠷᠠᠯ ᠢᠶᠠᠨ ᠴᠤᠭᠴᠠᠯᠠᠭᠰᠠᠨ  ᠭᠡᠬᠦ ᠮᠡᠲᠦ ᠡᠯ᠎ᠡ ᠱᠠᠳᠤᠨ ᠠᠴᠠ ᠰᠢᠯᠭᠠᠷᠠᠭᠤᠯᠤᠬᠰᠠᠨ ᠡᠯ᠎ᠡ ᠲᠦᠷᠦᠯ ᠤᠨ ᠬᠠᠮᠤᠭ ᠤᠨ ᠭᠤᠶᠤ ᠭᠡᠷ ᠪᠦᠯᠢ 104579  ᠡᠷᠦᠬᠡ ᠢᠯᠡᠷᠡᠵᠤ᠂ ᠡᠬᠦᠨ ᠤ ᠲᠤᠲᠤᠷ᠎ᠠ ᠠᠴᠠ 104 ᠡᠷᠦᠬᠡ ᠪᠦᠬᠦ ᠤᠯᠤᠰ ᠤᠨ ᠲᠠᠪᠤᠨ ᠰᠠᠶᠢᠨᠲᠠᠢ ᠭᠡᠷ ᠪᠦᠯᠢ᠂ ᠪᠦᠬᠦ ᠤᠯᠤᠰ ᠤᠨ ᠬᠠᠮᠤᠭ ᠤᠨ ᠭᠤᠶᠤ ᠭᠡᠷ ᠪᠦᠯᠢ ᠪᠠᠷ ᠡᠷᠬᠦᠮᠵᠢᠯᠡᠭᠲᠡᠭᠰᠡᠨ ᠪᠠᠶᠢᠨ᠎ᠠ᠃       2014  ᠤᠨ ᠠᠴᠠ ᠠᠪᠤᠭᠠᠳ᠂ ᠪᠦᠬᠦ ᠤᠯᠤᠰ ᠤᠨ ᠡᠮᠡᠭᠲᠡᠶᠢᠴᠤᠳ ᠤᠨ ᠬᠤᠯᠪᠤᠭ᠎ᠠ ᠪᠦᠬᠦ ᠤᠯᠤᠰ ᠤᠨ  ᠬᠡᠪᠴᠢᠶᠡᠨ ᠳᠤ ︽ᠬᠠᠮᠤᠭ ᠤᠨ  ᠭᠤᠶᠤ ᠭᠡᠷ ᠪᠦᠯᠢ︾ ᠶᠢ ᠬᠠᠶᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠡᠢ᠃ ᠠᠵᠢᠯᠯᠠᠭ᠎ᠠ ᠨᠢ ᠤᠯᠠᠨ  ᠲᠦᠮᠡᠨ ᠦᠪᠡᠷ ᠢ ᠪᠠᠨ ᠡᠷᠬᠦᠨ ᠲᠠᠨᠢᠯᠴᠠᠭᠤᠯᠬᠤ᠂ ᠬᠠᠷᠢᠯᠴᠠᠨ ᠰᠤᠷᠤᠯᠴᠠᠬᠤ᠂  ᠪᠡᠶ᠎ᠡ ᠪᠡᠶ᠎ᠡ ᠪᠠᠷ ᠢᠶᠠᠨ ᠲᠤᠯᠢ ᠪᠤᠯᠭᠠᠬᠤ᠂ ᠬᠠᠮᠳᠤᠪᠡᠷ ᠡᠳ᠋ᠯᠡᠬᠦ ᠪᠠᠷ ᠵᠤᠷᠢᠯᠲᠠ ᠪᠤᠯᠭᠠᠨ᠂  ᠬᠠᠮᠤᠭ  ᠤᠨ  ᠶᠡᠭᠡ ᠬᠡᠪᠴᠢᠶ᠎ᠡ ᠪᠠᠷ ᠤᠯᠠᠨ ᠲᠦᠮᠡᠨ ᠢ ᠲᠠᠶᠢᠴᠢᠯᠠᠨ᠂ ᠤᠯᠠᠨ ᠲᠦᠮᠡᠨ ᠳᠤ ᠰᠤᠷᠲᠠᠯᠴᠢᠯᠠᠭ᠎ᠠ  ᠬᠢᠵᠦ᠂  ᠤᠯᠠᠨ ᠲᠦᠮᠡᠨ ᠤ  ᠠᠩᠬᠠᠷᠤᠯ ᠢ ᠲᠠᠲᠠᠨ᠂ ᠤᠯᠠᠨ ᠲᠦᠮᠡᠨ ᠤ ᠤᠷᠤᠯᠴᠠᠯᠭ᠎ᠠ ᠬᠢᠭᠡᠳ ᠠᠵᠢᠯᠯᠠᠭ᠎ᠠ ᠶᠢᠨ  ᠨᠡᠶᠢᠭᠡᠮ  ᠤᠨ ᠨᠦᠯᠦᠭᠡ ᠶᠢ ᠬᠠᠮᠤᠭ ᠤᠨ ᠶᠡᠭᠡ ᠬᠡᠮᠵᠢᠶᠡᠨ ᠳᠤ ᠦᠷᠭᠡᠳᠭᠡᠬᠦ ᠪᠠᠷ ᠠᠷᠭ᠎ᠠ ᠪᠠᠷᠢᠯ ᠪᠤᠯᠭᠠᠨ᠂ ᠴᠠᠭ ᠦᠶ᠎ᠡ ᠶᠢᠨ ᠵᠤᠷᠢᠭ ᠰᠠᠨᠠᠭ᠎ᠠ   ᠶᠢ ᠢᠯᠡᠷᠡᠬᠦᠯᠬᠦ᠂ ᠭᠡᠷ ᠪᠦᠯᠢ ᠶᠢᠨ ᠬᠡᠷᠡᠭᠴᠡᠭᠡ ᠳᠤ ᠲᠠᠭᠠᠷᠠᠯᠴᠠᠬᠤ᠂ ᠤᠯᠠᠨ ᠲᠦᠮᠡᠨ ᠤ ᠨᠢᠳᠤᠨ  ᠳᠤ ᠠᠶᠠᠲᠠᠢ ᠴᠢᠬᠢᠨ ᠳᠤ ᠲᠠᠭᠠᠲᠠᠢ ︽ᠬᠠᠮᠤᠭ ᠤᠨ ᠭᠤᠶᠤ ᠭᠡᠷ ᠪᠦᠯᠢ︾ ᠶᠢ  ᠬᠠᠶᠢᠬᠤ ᠠᠵᠢᠯᠯᠠᠭ᠎ᠠ ᠦᠷᠨᠢᠬᠦᠯᠬᠦ  ᠪᠠᠷ ᠲᠠᠮᠵᠢᠨ᠂ ᠤᠯᠠᠨ ᠲᠦᠮᠡᠨ ᠤ ᠲᠡᠷᠭᠡᠲᠡᠬᠢ ︽ᠬᠠᠮᠤᠭ ᠤᠨ ᠭᠤᠶᠤ ᠭᠡᠷ ᠪᠦᠯᠢ  ︾  ᠵᠢᠴᠢ ᠰᠡᠳᠬᠢᠯ ᠬᠦᠲᠡᠯᠭᠡᠮ᠎ᠡ ᠦᠯᠢᠭᠡᠷ ᠢ  ᠬᠦᠨᠵᠡᠭᠡᠢ ᠬᠠᠶᠢᠬᠤ᠂ ᠰᠤᠩᠭᠤᠨ ᠭᠠᠷᠭᠠᠬᠤ ᠬᠢᠭᠡᠳ  ᠰᠤᠷᠲᠠᠯᠴᠢᠯᠠᠨ  ᠤᠬᠠᠭᠤᠯᠬᠤ ᠠᠵᠢᠯᠯᠠᠭ᠎ᠠ ᠶᠢ ᠦᠷᠨᠢᠬᠦᠯᠵᠡᠢ᠃    ᠪᠦᠬᠦ ᠤᠯᠤᠰ ᠤᠨ ᠡᠮᠡᠭᠲᠡᠶᠢᠴᠤᠳ ᠤᠨ ᠬᠤᠯᠪᠤᠭ᠎ᠠ ᠶᠢᠨ ᠱᠠᠭᠠᠷᠲᠠᠯᠭ᠎ᠠ ᠪᠠᠷ᠂ 2014 ᠤᠨ ᠠᠴᠠ ᠡᠬᠢᠯᠡᠭᠡᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭ᠎ᠠ ᠭᠤᠤᠯ ᠡᠭᠦᠷᠭᠡ ᠪᠡ ᠭᠤᠤᠯᠲᠠᠯᠭ᠎ᠠ ᠪᠤᠯᠬᠤ ᠠᠵᠢᠯ ᠤᠨ ᠲᠤᠭᠤᠷᠢᠨ ᠳᠤ ᠠᠳᠠᠯᠢ ᠪᠤᠰᠤ ᠴᠠᠭ ᠲᠤᠬᠢᠶᠠᠯ ᠳᠤ ᠴᠢᠭᠯᠡᠬᠦᠯᠦᠨ᠂  ᠠᠳᠠᠯᠢ ᠪᠤᠰᠤ ᠲᠦᠷᠦᠯ ᠵᠦᠢᠯ ᠤᠨ ᠭᠡᠷ ᠪᠦᠯᠢ ᠶᠢᠨ ᠬᠢᠨ ᠤ ᠪᠦᠬᠦ ᠤᠷᠤᠨ ᠤ ᠬᠡᠪᠴᠢᠶᠡᠨ ᠳᠤ ᠪᠠᠶᠢᠩᠭᠤᠵᠢᠬᠰᠠᠨ ᠬᠡᠯᠪᠡᠷᠢ  ᠪᠠᠷ ︽ᠬᠠᠮᠤᠭ ᠤᠨ ᠭᠤᠶᠤ ᠭᠡᠷ ᠪᠦᠯᠢ︾ ᠶᠢ ᠬᠠᠶᠢᠬᠤ ᠠᠵᠢᠯᠯᠠᠭ᠎ᠠ ᠶᠢ ᠦᠷᠨᠢᠬᠦᠯᠵᠤ᠂ 2020 ᠤᠨ ᠪᠤᠯᠲᠠᠯ᠎ᠠ ᠪᠦᠬᠦ ᠤᠷᠤᠨ ᠳᠤ ᠬᠡᠵᠢᠭ ᠲᠠᠢ ᠲᠡᠮᠡᠴᠡᠭᠰᠡᠨ᠂ ᠪᠤᠬᠢᠷᠲᠤᠯ ᠦᠭᠡᠢ ᠬᠦᠭᠵᠢᠯᠲᠡ᠂ ᠠᠳᠠᠯ ᠦᠢᠯᠡᠰ ᠢᠶᠠᠷ ᠶᠠᠲᠠᠭᠤ  ᠠᠴᠠ ᠠᠩᠭᠢᠵᠢᠷᠠᠬᠰᠠᠨ᠂ ᠦᠨᠲᠦᠰᠦᠲᠡᠨ ᠤ ᠪᠦᠯᠬᠦᠲᠡᠯ᠂ ᠬᠡᠪ ᠵᠠᠩᠰᠢᠯ ᠢᠶᠠᠨ ᠦᠭᠡᠷᠡᠴᠢᠯᠡᠭᠰᠡᠨ᠂  ᠨᠠᠰᠤᠲᠠᠨ ᠢᠶᠠᠨ ᠠᠴᠢᠯᠠᠵᠤ ᠰᠠᠳᠤᠨ ᠲᠦᠷᠦᠯ ᠢᠶᠠᠨ ᠬᠠᠯᠠᠮᠵᠢᠯᠠᠬᠰᠠᠨ᠂ ᠠᠵᠢᠯᠴᠢ ᠠᠷᠪᠢᠴᠢ ᠪᠠᠷ ᠠᠲᠠᠯ ᠠᠮᠢᠲᠤᠷᠠᠯ ᠢᠶᠠᠨ ᠴᠤᠭᠴᠠᠯᠠᠭᠰᠠᠨ ᠭᠡᠬᠦ ᠮᠡᠲᠦ ᠡᠯ᠎ᠡ ᠱᠠᠳᠤᠨ ᠠᠴᠠ ᠰᠢᠯᠭᠠᠷᠠᠭᠤᠯᠤᠬᠰᠠᠨ ᠡᠯ᠎ᠡ ᠲᠦᠷᠦᠯ ᠤᠨ  ᠬᠠᠮᠤᠭ ᠤᠨ ᠭᠤᠶᠤ ᠭᠡᠷ ᠪᠦᠯᠢ 104579 ᠡᠷᠦᠬᠡ ᠢᠯᠡᠷᠡᠵᠤ᠂ ᠡᠬᠦᠨ ᠤ ᠲᠤᠲᠤᠷ᠎ᠠ ᠠᠴᠠ 104 ᠡᠷᠦᠬᠡ ᠪᠦᠬᠦ ᠤᠯᠤᠰ ᠤᠨ ᠲᠠᠪᠤᠨ ᠰᠠᠶᠢᠨᠲᠠᠢ ᠭᠡᠷ ᠪᠦᠯᠢ᠂ ᠪᠦᠬᠦ ᠤᠯᠤᠰ ᠤᠨ ᠬᠠᠮᠤᠭ ᠤᠨ ᠭᠤᠶᠤ ᠭᠡᠷ ᠪᠦᠯᠢ ᠪᠠᠷ ᠡᠷᠬᠦᠮᠵᠢᠯᠡᠭᠲᠡᠭᠰᠡᠨ ᠪᠠᠶᠢᠨ᠎ᠠ᠃ ᠪᠦᠬᠦ ᠤᠯᠤᠰ ᠤᠨ ᠡᠮᠡᠭᠲᠡᠶᠢᠴᠤᠳ ᠤᠨ ᠬᠤᠯᠪᠤᠭ᠎ᠠ᠂ ᠲᠦᠪ ᠤᠨ ᠤᠬᠠᠭᠤᠯᠬᠤ ᠬᠡᠯᠲᠡᠰ ᠠᠴᠠ ᠬᠦᠬᠢᠬᠦᠯᠦᠨ ᠰᠠᠶᠢᠰᠢᠶᠠᠬᠰᠠᠨ ᠪᠦᠬᠦ ᠤᠯᠤᠰ ᠤᠨ ᠪᠤᠯᠪᠠᠰᠤᠨ ᠡᠷᠦᠬᠡ ᠨᠦᠭᠦᠳ ᠲᠤ᠂ ᠦᠪᠦᠷ  ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ  ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠪᠤᠯᠪᠠᠰᠤᠨ   ᠤ ᠪᠠᠶᠢᠭᠤᠯᠤᠯᠲᠠ ᠶᠢᠨ ᠠᠯᠪᠠᠨ ᠭᠡᠷ ᠤᠨ ᠰᠠᠶᠢᠰᠢᠶᠠᠯ ᠢ ᠬᠦᠷᠲᠡᠭᠰᠡᠨ ᠪᠤᠯᠪᠠᠰᠤᠨ ᠭᠡᠷ ᠪᠦᠯᠢ ᠶᠢᠨ ᠲᠤᠲᠤᠷ᠎ᠠ 40 % ᠠᠴᠠ ᠲᠡᠭᠡᠭᠰᠢ ᠨᠢ ︽ᠬᠠᠮᠤᠭ ᠤᠨ ᠭᠤᠶᠤ ᠭᠡᠷ ᠪᠦᠯᠢ︾ ᠬᠢᠭᠡᠳ ᠲᠠᠪᠤᠨ ᠰᠠᠶᠢᠨᠲᠠᠢ ᠭᠡᠷ ᠪᠦᠯᠢ ᠶᠢᠨ ᠬᠢ ᠪᠤᠯᠤᠨ᠎ᠠ᠃ ︽ᠬᠠᠮᠤᠭ ᠤᠨ ᠭᠤᠶᠤ ᠭᠡᠷ ᠪᠦᠯᠢ︾ ᠬᠢᠭᠡᠳ ᠲᠠᠪᠤᠨ ᠰᠠᠶᠢᠨᠲᠠᠢ ᠭᠡᠷ ᠪᠦᠯᠢ ᠨᠢ ᠪᠤᠯᠪᠠᠰᠤᠨ ᠭᠡᠷ ᠪᠦᠯᠢ ᠶᠢ ᠦᠨᠡᠯᠡᠨ ᠰᠤᠩᠭᠤᠬᠤ ︽ᠤᠰᠤ ᠬᠠᠲᠠᠭᠠᠯᠠᠬᠤ ᠴᠦᠬᠦᠷᠦᠮ︾ ᠪᠤᠯᠵᠤ᠂ ᠰᠢᠯᠢᠲᠡᠭ ᠭᠡᠷ ᠤᠨ ᠰᠤᠷᠲᠠᠯ  ᠰᠤᠷᠭᠠᠯ ᠢ ᠪᠠᠲᠠᠷᠠᠭᠤᠯᠬᠤ᠂ ᠭᠡᠷ ᠪᠦᠯᠢ ᠶᠢᠨ ᠰᠠᠶᠢᠬᠠᠨ ᠮᠤᠷᠠᠯ ᠤᠨ ᠬᠡᠪ ᠲᠠᠭᠤᠷᠢᠶᠠᠯ ᠪᠠ ᠨᠡᠶᠢᠲᠡᠯᠢᠭ ᠵᠢᠱᠢᠶ᠎ᠡ ᠪᠤᠯᠤᠬᠰᠠᠨ ᠪᠠᠶᠢᠨ᠎ᠠ᠃ ︽ᠬᠠᠮᠤᠭ ᠤᠨ ᠭᠤᠶᠤ ᠭᠡᠷ ᠪᠦᠯᠢ︾ ᠶᠢ  ᠬᠠᠶᠢᠬᠤ ᠪᠠ ᠢᠯᠡᠷᠡᠬᠦᠯᠬᠦ ᠶᠢᠨ ᠵᠡᠷᠭᠡᠲᠡ᠂ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭ᠎ᠠ ᠶᠢᠨ ᠬᠢᠨ ᠪᠠᠰᠠ ︽ᠬᠤᠤᠰ ᠬᠤᠯᠪᠤᠭ᠎ᠠ︾   ᠶᠢᠨ ᠠᠷᠭ᠎ᠠ ᠬᠡᠯᠪᠡᠷᠢ ᠪᠠᠷ ᠬᠠᠮᠤᠭ  ᠤᠨ ᠭᠤᠶᠤ ᠭᠡᠷ ᠪᠦᠯᠢ ᠶᠢᠨ ᠨᠡᠶᠢᠲᠡ ᠶᠢᠨ ᠠᠰᠠᠷᠠᠮᠵᠢ ᠶᠢᠨ ᠬᠤᠯᠪᠤᠭ᠎ᠠ ᠪᠠᠶᠢᠭᠤᠯᠵᠤ᠂ ᠬᠠᠮᠤᠭ ᠤᠨ ᠭᠤᠶᠤ ᠭᠡᠷ ᠪᠦᠯᠢ ᠬᠢᠭᠡᠳ ᠶᠠᠲᠠᠭᠤ ᠬᠦᠴᠢᠷᠲᠡᠯᠲᠡᠢ ᠭᠡᠷ ᠪᠦᠯᠢ ᠶᠢᠨ ᠡᠮᠡᠭᠲᠡᠶᠢᠴᠴᠤᠳ ᠯᠦᠭᠡ ᠬᠠᠪᠰᠤᠷᠤᠯᠴᠠᠬᠤ ᠬᠤᠤᠰ ᠪᠤᠯᠤᠯᠴᠠᠵᠤ᠂ ᠭᠠᠷ ᠭᠠᠷ ᠢᠶᠠᠨ ᠬᠤᠯᠪᠤᠯᠴᠠᠨ ᠴᠢᠨᠡᠭᠡᠯᠡᠭᠵᠢᠬᠦ ᠵᠠᠮ ᠢᠶᠠᠷ ᠵᠠᠮᠨᠠᠬᠤ ᠶᠢ  ᠰᠠᠨᠠᠭᠠᠴᠢᠯᠠᠪᠠ︔ ᠬᠠᠮᠤᠭ  ᠤᠨ ᠭᠤᠶᠤ ᠭᠡᠷ ᠪᠦᠯᠢ ᠬᠢᠭᠡᠳ ᠠᠵᠤ ᠠᠬᠤᠢ ᠯᠤᠭ᠎ᠠ ᠶᠢᠨ ᠬᠤᠯᠪᠤᠭ᠎ᠠ ᠪᠠᠶᠢᠭᠤᠯᠵᠤ᠂ ᠬᠠᠮᠤᠭ ᠤᠨ ᠭᠤᠶᠤ ᠭᠡᠷ ᠪᠦᠯᠢ ᠶᠢᠨ ᠦᠯᠢᠭᠡᠷ᠂ ᠦᠢᠯᠡ ᠠᠵᠢᠯᠯᠠᠭ᠎ᠠ ᠶᠢᠨ ᠡᠮᠬᠢᠳᠭᠡᠯ  ᠨᠠᠶᠢᠷᠠᠭᠤᠯᠤᠨ ᠬᠡᠪᠯᠡᠬᠦᠯᠵᠦ᠂ ᠦᠷᠭᠡᠨ ᠲᠡᠯᠭᠡᠷ ᠰᠤᠷᠲᠠᠯᠴᠢᠯᠠᠭ᠎ᠠ ᠪᠠᠷ ᠲᠠᠮᠵᠢᠨ᠂ ᠬᠠᠮᠤᠭ ᠤᠨ ᠭᠤᠶᠤ ᠭᠡᠷ ᠪᠦᠯᠢ  ᠬᠢᠭᠡᠳ ᠲᠠᠪᠤᠨ ᠰᠠᠶᠢᠨᠲᠠᠢ ᠭᠡᠷ ᠪᠦᠯᠢ ᠶᠢᠨ ᠦᠯᠢᠭᠡᠷ ᠢ ᠮᠢᠩᠭᠠᠨ ᠡᠷᠦᠬᠡ ᠲᠦᠮᠡᠨ ᠠᠶᠢᠯ ᠳᠤ ᠲᠡᠯᠭᠡᠷᠡᠬᠦᠯᠵᠦ ᠪᠤᠢ᠃ http://mongol.people.com.cn/15826050.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号