ᠬᠤᠷᠢᠨᠭᠡᠷ ︽ᠨᠠᠮᠤᠷ ᠤᠨ ᠬᠤᠷᠢᠶᠠᠯᠲᠠ ᠶᠢᠨ ᠳᠠᠶᠢᠯᠠᠯᠳᠤᠭᠠᠨ︾ ᠶᠠᠪᠤᠭᠤᠯᠪᠠ
ᠨᠡᠶᠢᠲᠡᠯᠡᠭᠰᠡᠨ ᠴᠠᠭ᠄
2020/10/10
    ᠣᠶᠢᠷ᠎ᠠ ᠶᠢᠨ ᠵᠢᠯ ᠳᠤ᠂ ᠮᠠᠯ ᠠᠵᠤ ᠠᠬᠤᠶ ᠦᠳᠲᠡᠷ ᠲᠦᠷᠭᠡᠨ ᠬᠥᠭᠵᠢᠬᠦ ᠶᠢ ᠳᠠᠭᠠᠯᠳᠤᠨ᠂     ᠴᠢᠨᠠᠷ ᠰᠠᠶᠢᠲᠠᠶ ᠲᠡᠵᠢᠭᠡᠯ ᠡᠪᠡᠰᠦ ᠲᠣᠳᠠᠭᠳᠠᠬᠤ ᠪᠠ ᠠᠮᠤ ᠪᠤᠳᠠᠭ᠎ᠠ ᠲᠠᠷᠢᠭᠠᠳ ᠣᠷᠣᠯᠭ᠎ᠠ ᠪᠠᠨ  ᠨᠡᠮᠡᠭᠳᠡᠭᠦᠯᠬᠦ ᠳᠤ ᠬᠦᠴᠢᠷᠲᠡᠶ ᠶᠠᠪᠤᠳᠠᠯ ᠨᠢ ᠬᠤᠷᠢᠨᠭᠡᠷ ᠰᠢᠶᠠᠨ ᠤ ᠡᠮᠣᠨ᠎ᠡ ᠲᠠᠯᠪᠢᠭᠳᠠᠵᠤ ᠪᠠᠶᠢᠭ᠎ᠠ ᠨᠢᠭᠡᠨ ᠶᠡᠭᠡ ᠬᠦᠴᠢᠷ ᠠᠰᠠᠭᠤᠳᠠᠯ ᠪᠣᠯᠵᠠᠶ᠃ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ︽ᠬᠠᠩᠭᠠᠯᠭ᠎ᠠ ᠶᠢᠨ ᠲᠠᠯ᠎ᠠ︾ ᠶᠢᠨ ᠪᠦᠲᠦᠴᠡ ᠶᠢᠨ ᠴᠢᠨᠠᠷᠳᠠᠢ ᠥᠭᠡᠷᠡᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠷᠢᠨᠭᠡᠷ ᠰᠢᠶᠠᠨ ᠣᠳᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠰᠦᠪᠡᠭᠴᠢᠯᠡᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠦ ᠣᠶᠢᠯᠡᠰ ᠤᠨ ᠳᠡᠭᠡᠳᠦ ᠬᠡᠮᠵᠢᠶ᠎ᠡ ᠪᠠᠷ ᠲᠥᠪᠯᠡᠷᠡᠭᠰᠡᠨ ᠭᠠᠵᠠᠷ ᠣᠷᠣᠨ ᠳᠤ ᠳᠠᠷᠤᠰᠢᠭᠤᠯᠬᠤ ᠡᠷᠳᠡᠨᠢ ᠰᠢᠰᠢ ᠶᠢ ᠬᠡᠪᠴᠢᠶᠡᠵᠢᠭᠦᠯᠦᠨ ᠲᠠᠷᠢᠬᠤ ᠪᠠ ᠵᠠᠬᠢᠶᠠᠯᠠᠭ᠎ᠠ ᠪᠠᠷ ᠬᠤᠳᠠᠯᠳᠤᠨ ᠠᠪᠬᠤ ᠠᠰᠢᠭ ᠲᠤᠰᠠ ᠶᠢ ᠬᠤᠯᠪᠣᠬᠤ ᠠᠷᠭ᠎ᠠ ᠮᠠᠶ᠋ᠢᠭ ᠢ ᠲᠦᠯᠬᠢᠨ ᠠᠬᠢᠭᠤᠯᠵᠠᠶ᠃ ︽ᠠᠮᠤ ᠪᠤᠳᠠᠭ᠎ᠠ ᠲᠡᠵᠢᠭᠡᠯ ᠪᠣᠷᠳᠤᠭ᠎ᠠ ᠶᠢ ᠬᠠᠮᠲᠤ ᠳᠤᠨᠢ ᠬᠠᠷᠠᠭᠠᠯᠵᠠᠬᠤ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠬᠤ᠂ ᠣᠷᠴᠢᠯᠳᠤᠭᠤᠯᠤᠨ ᠬᠥᠭᠵᠢᠭᠦᠯᠬᠦ︾ ᠰᠢᠨ᠎ᠡ ᠬᠡᠯᠪᠡᠷᠢ ᠶᠢᠨ ᠲᠠᠷᠢᠵᠤ ᠲᠡᠵᠢᠭᠡᠬᠦ ᠪᠦᠲᠦᠴᠡ ᠶᠢ ᠪᠠᠶᠢᠭᠤᠯᠬᠤ ᠵᠢᠷᠤᠮ  ᠢᠶᠠᠷ᠂ ᠡᠷᠳᠡᠨᠢ ᠰᠢᠰᠢ ᠶᠢᠨ ᠥᠨᠳᠥᠷ ᠤᠨᠠᠯᠲᠠ ᠶᠢ ᠡᠭᠦᠳᠬᠦ ᠪᠠ ᠡᠷᠳᠡᠨᠢ ᠰᠢᠰᠢ ᠶᠢ ᠳᠠᠷᠤᠰᠢᠭᠤᠯᠬᠤ ᠰᠢᠨ᠎ᠡ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠤᠭ᠎ᠠ ᠶᠢ ᠨᠢᠭᠡᠳᠦᠯᠲᠡᠶ ᠲᠥᠯᠥᠪᠯᠡᠬᠦ᠂ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠤᠭᠰᠠᠨ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠳᠠᠪᠠᠭᠤᠯᠢᠭ ᠠᠵᠤ ᠣᠶᠢᠯᠡᠰ ᠤᠨ ᠬᠦᠭᠵᠢᠯᠳᠡ ᠶᠢ  ᠲᠠᠶᠢᠴᠢᠯᠠᠵᠤ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ  ᠠᠬᠢᠭᠤᠯᠪᠠ᠃    ︽ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠬᠢᠭᠡᠳ ᠲᠠᠷᠢᠮᠠᠯ ᠤᠨ ᠡᠷᠦᠬᠡ ᠶᠢᠨ ᠠᠰᠢᠭ ᠲᠤᠰᠠ ᠶᠢᠨ  ᠲᠣᠭᠳᠠᠭᠤᠨ ᠬᠤᠯᠪᠣᠭᠠᠨ ᠤ ᠬᠠᠷᠢᠴᠠᠭ᠎ᠠ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠡᠨᠡ ᠵᠢᠯ᠂ ᠬᠤᠷᠢᠨᠭᠡᠷ ᠰᠢᠶᠠᠨ ᠳᠥᠷᠪᠡᠨ ᠮᠠᠯᠵᠢᠯ ᠤᠨ ᠲᠠᠯᠠᠪᠠᠶ ᠳᠤ ᠵᠠᠬᠢᠶᠠᠯᠠᠨ ᠬᠤᠳᠠᠯᠳᠤᠵᠤ ᠠᠪᠬᠤ  ᠠᠵᠢᠯ ᠢ ᠦᠷᠨᠢᠬᠦᠯᠵᠦ᠂ ᠲᠠᠷᠢᠮᠠᠯ ᠤᠨ ᠡᠷᠦᠬᠡ  ᠯᠦᠭᠡ ᠬᠤᠳᠠᠯᠳᠤᠨ ᠠᠪᠬᠤ ᠭᠡᠷ᠎ᠡ ᠲᠣᠭᠲᠠᠵᠤ᠂  ᠲᠠᠷᠢᠵᠤ ᠤᠷᠭᠤᠭᠤᠯᠬᠤ ᠡᠷᠦᠬᠡ ᠠᠴᠠ ᠰᠢᠭᠤᠳ ᠳᠠᠷᠤᠰᠢᠭᠤᠯᠤᠭᠰᠠᠨ ᠡᠷᠳᠡᠨᠢ ᠰᠢᠰᠢ ᠬᠤᠳᠠᠯᠳᠤᠨ ᠠᠪᠴᠤ᠂ ᠳᠤᠮᠳᠠᠬᠢ  ᠵᠠᠭᠤᠴᠢ ᠬᠤᠳᠠᠯᠳᠤᠭᠠᠴᠢᠨ  ᠢ ᠬᠦᠴᠦᠨ ᠦᠭᠡᠶ ᠪᠣᠯᠭᠠᠵᠤ᠂ ᠳᠤᠮᠳᠠᠬᠢ ᠵᠠᠷᠤᠳᠠᠯ  ᠢ  ᠪᠠᠭᠠᠰᠬᠠᠵᠤ᠂ ᠬᠤᠳᠠᠯᠳᠤᠨ ᠠᠪᠬᠤ ᠦᠨ᠎ᠡ ᠬᠠᠩᠰᠢ ᠨᠢ ᠲᠠᠷᠢᠮᠠᠯ ᠤᠨ ᠡᠷᠦᠬᠡ ᠳᠤ ᠠᠰᠢᠭᠲᠠᠢ  ᠪᠠᠶᠢᠯᠭᠠᠵᠤ᠂ ᠲᠠᠷᠢᠮᠠᠯ ᠤᠨ ᠡᠷᠦᠬᠡ ᠶᠢᠨ ᠣᠷᠣᠯᠭ᠎ᠠ ᠶᠢ  ᠨᠡᠮᠡᠭᠳᠡᠭᠦᠯᠪᠡ᠃ ᠣᠳᠣᠬᠠᠨ ᠳᠤ ᠡᠨᠡ ᠳᠥᠷᠪᠡᠨ ᠮᠠᠯᠵᠢᠯ ᠤᠨ ᠲᠠᠯᠠᠪᠠᠶ ᠨᠢ ᠡᠷᠭᠢᠨ ᠲᠣᠭᠤᠷᠢᠨ ᠤ ᠲᠠᠷᠢᠶᠠᠯᠠᠬᠤ ᠡᠷᠦᠬᠡ ᠲᠠᠢ ᠵᠠᠬᠢᠶᠠᠯᠠᠭ᠎ᠠ ᠲᠣᠭᠲᠠᠵᠤ ᠬᠤᠳᠠᠯᠳᠤᠨ ᠠᠪᠤᠭᠰᠠᠨ ᠲᠠᠯᠠᠪᠠᠶ ᠨᠢ 1.5 ᠲᠦᠮᠡᠨ ᠮᠦ ᠳᠤ ᠬᠦᠷᠴᠡᠶ ᠬᠡᠵᠣ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠠᠵᠢᠯᠲᠠᠨ ᠵᠠᠩ ᠸᠧᠨ ᠪᠢᠨ ᠲᠠᠨᠢᠯᠴᠠᠭᠤᠯᠪᠠ᠃    ︽ᠤᠳᠤ ᠪᠣᠯᠲᠠᠯ᠎ᠠ ᠬᠤᠷᠢᠨᠭᠡᠷ ᠰᠢᠶᠠᠨ ᠤ ᠪᠣᠢ ᠪᠦᠬᠦᠢ ᠮᠠᠯᠵᠢᠯ ᠤᠨ ᠲᠠᠯᠠᠪᠠᠢ ᠴᠥᠮ ᠬᠦᠳᠦᠯᠦᠯᠴᠡᠵᠦ᠂ ᠨᠢᠭᠡᠨᠲᠡ 19.2 ᠲᠦᠮᠡᠨ ᠲᠣᠨ ᠬᠤᠷᠢᠶᠠᠨ ᠬᠠᠳᠠᠭᠠᠯᠠᠵᠤ᠂ 10 ᠰᠠᠷ᠎ᠠ ᠶᠢᠨ 10 ᠤ ᠡᠳᠦᠷ ᠪᠦᠬᠦ ᠬᠤᠳᠠᠯᠳᠤᠨ ᠠᠪᠴᠤ ᠬᠠᠳᠠᠭᠠᠯᠠᠬᠤ ᠠᠵᠢᠯ ᠢᠶᠠᠨ ᠪᠡᠶᠡᠯᠡᠭᠦᠯᠦᠨ᠎ᠡ᠂ ᠡᠨᠡ ᠵᠢᠯ 36 ᠲᠦᠮᠡᠨ ᠲᠣᠨ ᠤ  ᠡᠭᠦᠷᠭᠡ ᠶᠢ ᠪᠡᠶᠡᠯᠡᠭᠦᠯᠵᠦ᠂ ᠨᠢᠳᠤᠨᠤᠨ ᠤ ᠬᠢ ᠠᠴᠠ 5 ᠲᠦᠮᠡᠨ ᠲᠣᠨ ᠨᠡᠮᠡᠭᠳᠡᠨ᠎ᠡ᠃︾ ᠭᠡᠵᠦ ᠵᠠᠩ  ᠸᠧᠨ ᠪᠢᠨ ᠬᠡᠯᠡᠨ᠎ᠡ᠃  http://mongol.people.com.cn/15826048.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号