︵ᠰᠤᠷᠪᠤᠯᠵᠢᠯᠠᠭᠴᠢ ᠯᠢᠦ ᠯᠢ ᠰᠢᠶᠠ︶ ᠰᠣᠷᠪᠤᠯᠵᠢᠯᠠᠭᠴᠢ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠪᠠᠶᠠᠷ ᠨᠠᠢᠮᠠᠨ ᠰᠠᠷ᠎ᠠ ᠶᠢᠨ ᠠᠷᠪᠠᠨ ᠲᠠᠪᠤᠨ ᠤ | ᠠᠮᠠᠷᠠᠯᠲᠠ ᠶᠢᠨ 8 ᠡᠳᠦᠷ ᠲᠤ᠂ ᠮᠠᠨ ᠤ ᠬᠤᠲᠠ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢ ᠶᠢ | ᠨᠡᠶᠢᠲᠡ 2035658 ᠬᠥᠮᠥᠨ ᠤᠳᠠᠭ᠎ᠠ ᠬᠦᠯᠢᠶᠡᠨ ᠠᠪᠴᠤ᠂ ᠪᠦᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ | ᠶᠡᠷᠦᠩᠬᠡᠢ ᠣᠷᠣᠯᠭ᠎ᠠ ᠨᠡᠶᠢᠲᠡ 78506.21 ᠲᠦᠮᠡᠨ ᠲᠥᠭᠦᠷᠢᠭ ᠬᠦᠷᠪᠡ᠃ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠠᠴᠠ ᠦᠵᠡᠪᠡᠯ᠂ ᠣᠷᠣᠨ ᠤ ᠳᠣᠲᠣᠷᠠᠬᠢ | ᠵᠢᠭᠤᠯᠴᠢᠯᠠᠭᠴᠢ 72.27% ᠶᠢ ᠡᠵᠡᠯᠡᠵᠦ᠂ ᠣᠷᠣᠨ ᠤ ᠭᠠᠳᠠᠨ᠎ᠠ ᠠᠴᠠ ᠢᠷᠡᠭᠰᠡᠨ ᠵᠢᠭᠤᠯᠴᠢᠯᠠᠭᠴᠢ 27. | 68% ᠶᠢ ᠡᠵᠡᠯᠡᠵᠡᠢ᠃ ᠣᠷᠣᠨ ᠤ ᠭᠠᠳᠠᠨᠠᠬᠢ ᠵᠢᠭᠤᠯᠴᠢᠯᠠᠭᠴᠢᠳ ᠭᠤᠣᠯᠳᠠᠭᠤ ᠡᠷᠭᠢᠨ ᠲᠣᠭᠤᠷᠢᠨ ᠤ ᠮᠤᠵᠢ | ᠬᠤᠲᠠ ᠠᠴᠠ ᠢᠷᠡᠵᠦ᠂ ᠪᠡᠭᠡᠵᠢᠩ᠂ ᠾᠧᠪᠧᠢ᠂ ᠭᠢᠷᠢᠨ᠂ ᠯᠢᠶᠣᠤᠨᠢᠩ᠂ ᠱᠠᠨᠳᠦ᠋ᠩ᠂ ᠱᠠᠨᠰᠢ | ᠵᠡᠷᠭᠡ ᠵᠢᠷᠭᠤᠭᠠᠨ ᠮᠤᠵᠢ ᠬᠤᠲᠠ ᠶᠢᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠨᠡᠯᠢᠶᠡᠳ ᠣᠯᠠᠨ ᠲᠤᠭ᠎ᠠ ᠶᠢ | ᠡᠵᠡᠯᠡᠵᠦ᠂ ᠵᠢᠭᠤᠯᠴᠢᠯᠠᠭᠴᠢ ᠶᠢᠨ 15.90% ᠶᠢ ᠡᠵᠡᠯᠡᠵᠦ᠂ ᠪᠡᠭᠡᠵᠢᠩ ᠬᠤᠲᠠ ᠶᠢᠨ ᠵᠢᠭᠤᠯᠴᠢᠯᠠᠭᠴᠢᠳ ᠨᠢ | ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠬᠠᠷᠢᠴᠠᠯ ᠢᠶᠠᠷ ᠨᠢᠭᠡᠳᠦᠭᠡᠷ ᠲᠤ ᠣᠷᠣᠪᠠ᠃ | ᠵᠢᠭᠤᠯᠴᠢᠯᠠᠭᠴᠢᠳ ᠤᠨ ᠬᠡᠷᠡᠭᠯᠡᠭᠡᠨ ᠤ ᠪᠦᠲᠦᠴᠡ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ | ᠵᠢᠭᠤᠯᠴᠢᠯᠠᠭᠴᠢ ᠶᠢᠨ ᠵᠠᠷᠤᠳᠠᠯ ᠭᠤᠣᠯᠳᠠᠭᠤ ᠢᠳᠡᠵᠦ ᠤᠤᠭᠤᠬᠤ᠂ ᠬᠤᠨᠣᠵᠤ ᠬᠡᠪᠲᠡᠬᠦ ᠪᠠ ᠵᠠᠮ ᠬᠠᠷᠢᠯᠴᠠᠭᠠᠨ | ᠳᠡᠭᠡᠷ᠎ᠡ ᠲᠥᠪᠯᠡᠷᠡᠵᠦ᠂ ᠡᠭᠦᠨ ᠤ ᠳᠣᠲᠣᠷ᠎ᠠ᠂ ᠢᠳᠡᠵᠦ ᠤᠤᠭᠤᠬᠤ ᠵᠠᠷᠤᠳᠠᠯ ᠬᠠᠮᠤᠭ ᠠᠴᠠ ᠶᠡᠭᠡ ᠪᠠᠶᠢᠵᠤ᠂ | ᠵᠢᠭᠤᠯᠴᠢᠯᠠᠭᠴᠢ ᠶᠢᠨ ᠶᠡᠷᠦᠩᠬᠡᠢ ᠵᠠᠷᠤᠳᠠᠯ ᠤᠨ 29.16% ᠶᠢ ᠡᠵᠡᠯᠡᠵᠦ᠂ ᠬᠤᠨᠣᠵᠤ ᠬᠡᠪᠲᠡᠬᠦ ᠵᠠᠷᠤᠳᠠᠯ 22. | 05% ᠶᠢ ᠡᠵᠡᠯᠡᠵᠦ᠂ ᠵᠠᠮ ᠬᠠᠷᠢᠯᠴᠠᠭᠠᠨ ᠤ ᠵᠠᠷᠤᠳᠠᠯ 16.74% ᠶᠢ ᠡᠵᠡᠯᠡᠵᠦ᠂ ᠪᠠᠷᠠᠭ᠎ᠠ ᠬᠤᠳᠠᠯᠳᠤᠨ | ᠠᠪᠤᠭᠰᠠᠨ ᠵᠠᠷᠤᠳᠠᠯ 16.03% ᠶᠢ ᠡᠵᠡᠯᠡᠵᠦ᠂ ᠦᠵᠡᠮᠵᠢ ᠶᠢᠨ ᠣᠷᠣᠨ ᠢᠶᠠᠷ ᠲᠣᠭᠤᠷᠢᠨ ᠵᠤᠭᠠᠴᠠᠭᠰᠠᠨ ᠵᠠᠷᠤᠳᠠᠯ | 6.34% ᠶᠢ ᠡᠵᠡᠯᠡᠵᠦ᠂ ᠨᠠᠶᠢᠷᠠᠯᠠᠵᠤ ᠴᠡᠩᠭᠡᠬᠦ ᠳᠤ ᠵᠠᠷᠤᠴᠠᠭᠤᠯᠤᠭᠰᠠᠨ ᠵᠠᠷᠤᠳᠠᠯ 7.14% ᠶᠢ ᠡᠵᠡᠯᠡᠵᠡᠢ᠃ | ᠵᠢᠭᠤᠯᠴᠢᠯᠠᠭᠴᠢ ᠶᠢᠨ ᠶᠠᠪᠤᠵᠤ ᠰᠠᠭᠤᠭᠰᠠᠨ ᠬᠡᠯᠪᠡᠷᠢ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ | ᠵᠢᠭᠤᠯᠴᠢᠯᠠᠭᠴᠢ ᠨᠢ ᠭᠤᠣᠯᠳᠠᠭᠤ ᠴᠢᠯᠦᠭᠡᠲᠡᠢ ᠵᠤᠭᠠᠯᠠᠬᠤ ᠪᠠᠷ ᠭᠤᠣᠯ ᠪᠣᠯᠭᠠᠵᠤ᠂ ᠡᠭᠦᠨ ᠳᠤ ᠥᠪᠡᠷᠲᠡᠭᠡᠨ | ᠵᠤᠭᠠᠯᠠᠭᠰᠠᠨ ᠬᠠᠷᠢᠴᠠᠯ 53.64%᠂ ᠬᠤᠪᠢ ᠶᠢᠨ ᠮᠠᠰᠢᠨ ᠢᠶᠠᠷ ᠵᠤᠭᠠᠯᠠᠭᠰᠠᠨ ᠬᠠᠷᠢᠴᠠᠯ 37.27%᠂ | ᠵᠢᠭᠤᠯᠴᠢᠯᠠᠯ ᠤᠨ ᠪᠦᠯᠬᠦᠮ ᠢ ᠳᠠᠭᠠᠵᠤ ᠵᠤᠭᠠᠯᠠᠭᠰᠠᠨ ᠬᠠᠷᠢᠴᠠᠯ 3.18%᠂ ᠬᠤᠳᠠᠯᠳᠤᠭᠠᠨ ᠤ ᠶᠠᠪᠤᠳᠠᠯ ᠤᠨ | ᠵᠢᠭᠤᠯᠴᠢᠯᠠᠯ ᠤᠨ ᠬᠠᠷᠢᠴᠠᠯ 5.91% ᠬᠦᠷᠴᠡᠢ᠃ | ᠵᠢᠭᠤᠯᠴᠢᠯᠠᠭᠴᠢ ᠶᠢᠨ ᠳᠤᠷ᠎ᠠ ᠰᠣᠨᠢᠷᠬᠠᠯᠲᠠᠢ ᠬᠥᠳᠡᠯᠭᠡᠭᠡᠨ ᠠᠴᠠ ᠦᠵᠡᠪᠡᠯ᠂ ᠵᠢᠭᠤᠯᠴᠢᠯᠠᠭᠴᠢ ᠶᠢᠨ | ᠬᠠᠮᠤᠭ ᠤᠨ ᠳᠤᠷ᠎ᠠ ᠰᠣᠨᠢᠷᠬᠠᠯᠲᠠᠢ ᠬᠥᠳᠡᠯᠭᠡᠭᠡᠨ ᠨᠢ ᠦᠨᠳᠦᠰᠦᠲᠡᠨ ᠤ ᠳᠠᠭᠤᠤ ᠪᠥᠵᠢᠭ ᠤᠨ ᠬᠠᠮᠢᠶ᠎ᠠ ᠲᠠᠢ | ᠬᠥᠳᠡᠯᠭᠡᠭᠡᠨ ᠪᠠᠶᠢᠵᠤ᠂ 40.77% ᠶᠢ ᠡᠵᠡᠯᠡᠵᠦ᠂ ᠳᠠᠷᠠᠭᠠᠯᠠᠪᠠᠯ ᠦᠨᠳᠦᠰᠦᠲᠡᠨ ᠤ ᠵᠠᠩ ᠦᠢᠯᠡ ᠶᠢᠨ ᠬᠠᠮᠢᠶ᠎ᠠ | ᠲᠠᠢ ᠬᠥᠳᠡᠯᠭᠡᠭᠡᠨ 23.08% ᠶᠢ ᠡᠵᠡᠯᠡᠵᠦ᠂ ᠦᠨᠳᠦᠰᠦᠲᠡᠨ ᠤ ᠪᠠᠶᠠᠷ ᠳᠤᠷᠠᠰᠬᠠᠯ ᠤᠨ ᠬᠠᠮᠢᠶ᠎ᠠ ᠲᠠᠢ | ᠬᠥᠳᠡᠯᠭᠡᠭᠡᠨ ᠭᠤᠷᠪᠠᠳᠤᠭᠠᠷ ᠲᠤ ᠵᠢᠭᠰᠠᠭᠠᠭᠳᠠᠵᠤ᠂ 20.77% ᠶᠢ ᠡᠵᠡᠯᠡᠵᠡᠢ᠃ | ᠵᠢᠭᠤᠯᠴᠢᠯᠠᠭᠴᠢ ᠶᠢᠨ ᠰᠣᠨᠢᠷᠬᠠᠯ ᠢ ᠲᠠᠲᠠᠬᠤ ᠪᠠᠷᠠᠭ᠎ᠠ ᠠᠴᠠ ᠦᠵᠡᠪᠡᠯ᠂ ᠵᠢᠭᠤᠯᠴᠢᠯᠠᠭᠴᠢᠳ ᠮᠠᠨ ᠤ | ᠬᠤᠲᠠ ᠶᠢᠨ ᠦᠨᠳᠦᠰᠦᠲᠡᠨ ᠤ ᠬᠥᠭᠵᠢᠮ ᠤᠨ ᠵᠦᠢᠯ ᠳᠤ ᠮᠠᠰᠢ ᠰᠣᠨᠢᠷᠬᠠᠯ ᠲᠠᠢ ᠪᠠᠶᠢᠵᠤ᠂ 28.64% ᠶᠢ | ᠡᠵᠡᠯᠡᠵᠦ᠂ ᠳᠠᠷᠠᠭᠠᠯᠠᠪᠠᠯ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ 26.82% ᠢ ᠡᠵᠡᠯᠡᠵᠦ᠂ | ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠯᠪᠤᠷᠢ ᠪᠦᠲᠦᠭᠡᠭᠳᠡᠬᠦᠨ ᠭᠤᠷᠪᠠᠳᠤᠭᠠᠷ ᠲᠤ | ᠵᠢᠭᠰᠠᠭᠠᠭᠳᠠᠵᠤ 20.00% ᠶᠢ ᠡᠵᠡᠯᠡᠵᠡᠢ᠃ |