ᠥᠪᠥᠷ ᠮᠣᠩᠭᠤᠯ ᠤᠨ ᠡᠳᠦᠷ ᠤᠨ ᠰᠣᠨᠢᠨ ᠤ 10 ᠰᠠᠷ᠎ᠠ ᠶᠢᠨ 6 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠠᠢ ᠰᠧ ᠶᠤᠸᠠᠨ︶ ᠲᠦᠷᠦᠭᠦᠬᠡᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠵᠣᠬᠢᠶᠠᠯᠴᠢᠳ ᠤᠨ | ᠨᠡᠶᠢᠭᠡᠮᠯᠢᠭ ᠠᠴᠠ ᠭᠤᠣᠯᠯᠠᠨ ᠡᠷᠬᠢᠯᠡᠭᠰᠡᠨ 70 ᠵᠢᠯ ᠤᠳᠬ᠎ᠠ ᠵᠣᠬᠢᠶᠠᠯ ᠵᠤᠬᠢᠶᠠᠨ ᠪᠦᠲᠦᠭᠡᠭᠰᠡᠨ ᠢᠷᠠᠭᠤ ᠠᠯᠳᠠᠷ ᠤᠨ ᠦᠨᠡᠮᠯᠡᠯ ᠣᠯᠭᠤᠬᠤ ᠶᠣᠰᠣᠯᠠᠯ ᠵᠢᠴᠢ | ᠶᠠᠷᠢᠯᠴᠠᠬᠤ ᠬᠤᠷᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠬᠤᠷᠠᠯᠳᠤᠪᠠ᠃ | ᠡᠨᠡ ᠤᠳᠠᠭᠠᠨ ᠤ ᠠᠵᠢᠯᠯᠠᠭ᠎ᠠ ᠨᠢ ᠠᠬᠠᠮᠠᠳ ᠨᠢᠭᠡ ᠦᠶ᠎ᠡ ᠶᠢᠨ ᠵᠣᠬᠢᠶᠠᠯᠴᠢᠳ ᠤᠨ ᠰᠢᠨ᠎ᠡ ᠳᠤᠮᠳᠠᠳᠤ ᠤᠯᠤᠰ ᠤᠨ ᠤᠳᠬ᠎ᠠ ᠵᠣᠬᠢᠶᠠᠯ ᠤᠨ | ᠦᠢᠯᠡᠰ ᠤᠨ ᠲᠥᠯᠥᠭᠡ ᠪᠠᠶᠢᠭᠤᠯᠤᠭᠰᠠᠨ ᠭᠠᠪᠢᠶ᠎ᠠ ᠵᠢᠳᠬᠦᠯ ᠢ ᠮᠠᠭᠲᠠᠨ ᠰᠠᠶᠢᠰᠢᠶᠠᠵᠤ᠂ ᠠᠬᠠᠮᠠᠳ ᠨᠢᠭᠡ ᠦᠶ᠎ᠡ ᠶᠢᠨ ᠵᠣᠬᠢᠶᠠᠯᠴᠢᠳ ᠲᠤ ᠡᠷᠬᠢᠮ ᠳᠡᠭᠡᠳᠦ | ᠬᠦᠨᠳᠦᠳᠬᠡᠯ ᠢᠶᠠᠨ ᠲᠡᠪᠰᠢᠬᠦᠯᠵᠦ᠂ ᠵᠠᠯᠠᠭᠤ ᠨᠢᠭᠡ ᠦᠶ᠎ᠡ ᠶᠢᠨ ᠬᠢᠨ ᠤ ᠤᠳᠬ᠎ᠠ ᠵᠣᠬᠢᠶᠠᠯ ᠤᠨ ᠦᠢᠯᠡᠰ ᠲᠤ ᠬᠢᠯᠠᠯᠵᠠᠬᠰᠠᠨ ᠠᠮᠵᠢᠯᠳᠠ ᠪᠦᠳᠦᠮᠵᠢ ᠤᠯᠬᠤ ᠶᠢ | ᠵᠣᠷᠢᠭᠵᠢᠭᠤᠯᠬᠤ ᠪᠠᠷ ᠵᠤᠷᠢᠯᠭ᠎ᠠ ᠪᠤᠯᠭᠠᠬᠰᠠᠨ ᠶᠤᠮ᠃ ᠠᠵᠢᠯᠯᠠᠭ᠎ᠠ ᠳᠤ᠂ ᠥᠪᠥᠷ ᠮᠣᠩᠭᠤᠯ ᠤᠨ ᠵᠣᠬᠢᠶᠠᠯᠴᠢᠳ ᠤᠨ ᠨᠡᠶᠢᠭᠡᠮᠯᠢᠭ ᠨᠢ ᠳᠤᠮᠳᠠᠳᠤ ᠤᠯᠤᠰ ᠤᠨ | ᠵᠣᠬᠢᠶᠠᠯᠴᠢᠳ ᠤᠨ ᠨᠡᠶᠢᠭᠡᠮᠯᠢᠭ ᠤᠨ ᠨᠠᠶᠢᠳᠠᠯᠭ᠎ᠠ ᠪᠠᠷ᠂ ᠥᠪᠥᠷ ᠮᠣᠩᠭᠤᠯ ᠳᠤ ᠰᠠᠭᠤᠭ᠎ᠠ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠭᠡᠰᠢᠭᠦᠨ | ᠶᠦᠨ ᠵᠣᠣ ᠭᠤᠸᠠᠩ᠂ ᠵᠠᠯᠭᠠᠬᠦᠦ᠂ ᠫᠣᠩᠰᠤᠭ ᠵᠡᠷᠭᠡ 9 ᠠᠬᠠᠮᠠᠳ ᠵᠣᠬᠢᠶᠠᠯᠴᠢ ᠳᠤ 70 ᠵᠢᠯ ᠤᠳᠬ᠎ᠠ ᠵᠣᠬᠢᠶᠠᠯ ᠵᠤᠬᠢᠶᠠᠨ ᠪᠦᠲᠦᠭᠡᠭᠰᠡᠨ ᠢᠷᠠᠭᠤ | ᠠᠯᠳᠠᠷ ᠤᠨ ᠦᠨᠡᠮᠯᠡᠯ ᠣᠯᠭᠤᠪᠠ᠃ ᠶᠠᠷᠢᠯᠴᠠᠬᠤ ᠬᠤᠷᠠᠯ ᠳᠡᠭᠡᠷ᠎ᠡ᠂ ᠠᠬᠠᠮᠠᠳ ᠵᠣᠬᠢᠶᠠᠯᠴᠢ᠂ ᠵᠠᠯᠠᠭᠤ ᠵᠣᠬᠢᠶᠠᠯᠴᠢ ᠶᠢᠨ ᠲᠥᠯᠥᠭᠡᠯᠡᠭᠴᠢ ᠪᠠ ᠥᠪᠡᠷᠲᠡᠭᠡᠨ | ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠤᠷᠢᠳ ᠬᠤᠵᠢᠳ ᠶᠠᠷᠢᠶ᠎ᠠ ᠲᠠᠯᠪᠢᠵᠤ᠂ 70 ᠵᠢᠯ ᠤᠨ | ᠲᠤᠷᠰᠢᠬᠢ ᠥᠪᠡᠷᠲᠡᠭᠡᠨ ᠵᠠᠰᠠᠬᠤ ᠣᠷᠣᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠬᠢᠭᠰᠡᠨ ᠥᠩᠭᠡᠷᠡᠯᠲᠡ ᠶᠢ ᠡᠷᠭᠢᠴᠡᠭᠦᠯᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠪᠦᠦ ᠶᠢᠨ ᠱᠠᠨ᠄ ︽ | ᠠᠬᠠᠮᠠᠳ ᠨᠢᠭᠡ ᠦᠶ᠎ᠡ ᠶᠢᠨ ᠵᠣᠬᠢᠶᠠᠯᠴᠢ ᠪᠣᠯ ᠥᠪᠥᠷ ᠮᠣᠩᠭᠤᠯ ᠤᠨ ᠣᠲᠣ ᠦᠶ᠎ᠡ ᠶᠢᠨ ᠤᠳᠬ᠎ᠠ ᠵᠣᠬᠢᠶᠠᠯ ᠤᠨ ᠡᠭᠦᠳᠦᠨ ᠨᠡᠭᠡᠭᠡᠭᠴᠢ᠂ ᠪᠢᠴᠢᠭᠴᠢ ᠪᠠ | ᠪᠥᠲᠥᠭᠡᠨ ᠪᠠᠶᠢᠭᠤᠯᠤᠭᠴᠢ ᠮᠥᠨ᠃ 70 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠤᠳᠬ᠎ᠠ ᠵᠣᠬᠢᠶᠠᠯ ᠤᠨ ᠡᠩᠨᠡᠭᠡ ᠪᠠᠭ᠎ᠠ ᠠᠴᠠ ᠶᠡᠭᠡ ᠪᠣᠯᠵᠤ᠂ | ᠡᠳᠦᠷ ᠢᠷᠡᠬᠦᠶ᠎ᠡ ᠪᠣᠯᠪᠠᠰᠤᠷᠠᠩᠭᠤᠢ ᠪᠤᠯᠵᠤ᠂ ᠮᠣᠩᠭᠤᠯ᠂ ᠬᠢᠲᠠᠳ᠂ ᠬᠤᠲᠣᠩ᠂ ᠮᠠᠨᠵᠤ᠂ ᠳᠠᠭᠤᠷ᠂ ᠡᠸᠡᠩᠬᠢ᠂ ᠣᠷᠴᠤᠨ ᠵᠡᠷᠭᠡ ᠤᠯᠠᠨ ᠦᠨᠳᠦᠰᠦᠲᠡᠨ ᠤ | ᠠᠬᠠᠮᠠᠳ᠂ ᠢᠳᠡᠷ᠂ ᠵᠠᠯᠠᠭᠤ ᠵᠣᠬᠢᠶᠠᠯᠴᠢ ᠪᠠᠷ ᠪᠦᠷᠢᠯᠳᠦᠭᠰᠡᠨ ᠤᠳᠬ᠎ᠠ ᠵᠤᠬᠢᠶᠠᠯᠴᠢᠳ ᠤᠨ ᠡᠩᠨᠡᠭᠡ ᠶᠢ ᠪᠦᠷᠢᠯᠳᠦᠭᠦᠯᠵᠠᠢ᠃ ᠮᠠᠨ ᠤ ᠥᠷᠭᠡᠨ ᠣᠯᠠᠨ | ᠤᠳᠬ᠎ᠠ ᠵᠣᠬᠢᠶᠠᠯ ᠤᠨ ᠠᠵᠢᠯᠲᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠲᠤ ᠡᠵᠡᠮᠰᠢᠵᠦ᠂ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠠᠬᠠᠮᠠᠳ ᠨᠢᠭᠡ ᠦᠶ᠎ᠡ ᠶᠢᠨ ᠵᠣᠬᠢᠶᠠᠯᠴᠢᠳ ᠤᠨ | ᠰᠢᠨᠲᠠᠷᠠᠰᠢ ᠦᠭᠡᠶ ᠵᠣᠬᠢᠶᠠᠨ ᠪᠦᠲᠦᠭᠡᠬᠦ ᠵᠣᠷᠢᠭ ᠰᠠᠨᠠᠭ᠎ᠠ ᠶᠢ ᠵᠣᠬᠢᠶᠠᠨ ᠪᠦᠲᠦᠭᠡᠬᠦ ᠶᠠᠪᠤᠴᠠ ᠳᠠᠭᠠᠨ ᠦᠨᠡᠨᠬᠦ ᠲᠤᠤᠱᠯᠠᠭᠤᠯᠵᠤ᠂ ᠬᠠᠳᠠᠭᠤ ᠪᠠᠬᠢ ᠡᠬᠡ ᠭᠠᠵᠠᠷ ᠢ | ᠭᠢᠰᠬᠢᠵᠦ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠨ᠎ᠠ︾ ᠬᠡᠵᠦ ᠬᠡᠯᠡᠪᠡ᠃ | http://mongol.people.com.cn/15826049.html |