︵ᠰᠤᠷᠪᠤᠯᠵᠢᠯᠠᠭᠴᠢ ᠯᠢᠦ ᠯᠢ ᠰᠢᠶᠠ︶ ᠰᠣᠷᠪᠤᠯᠵᠢᠯᠠᠭᠴᠢ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠤᠯᠤᠰ ᠤᠨ ᠪᠠᠶᠠᠷ ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠶᠢᠨ 8 ᠡᠳᠦᠷ ᠲᠤ᠂ ᠮᠠᠨ ᠤ ᠬᠤᠲᠠ ᠤᠯᠤᠰ ᠤᠨ ᠳᠣᠲᠣᠭᠠᠳᠤ | ᠭᠠᠳᠠᠭᠠᠳᠤ ᠶᠢᠨ ᠵᠢᠭᠤᠯᠴᠢᠯᠠᠭᠴᠢ ᠶᠢ ᠨᠡᠶᠢᠲᠡ 2035658 ᠬᠥᠮᠥᠨ ᠤᠳᠠᠭ᠎ᠠ ᠬᠦᠯᠢᠶᠡᠨ ᠠᠪᠴᠤ᠂ ᠪᠦᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ | ᠶᠡᠷᠦᠩᠬᠡᠢ ᠣᠷᠣᠯᠭ᠎ᠠ ᠨᠡᠶᠢᠲᠡ 78506.21 ᠲᠦᠮᠡᠨ ᠲᠥᠭᠦᠷᠢᠭ ᠬᠦᠷᠪᠡ᠃ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠠᠴᠠ ᠦᠵᠡᠪᠡᠯ᠂ ᠣᠷᠣᠨ ᠤ ᠳᠣᠲᠣᠷᠠᠬᠢ ᠵᠢᠭᠤᠯᠴᠢᠯᠠᠭᠴᠢ 72.27% ᠶᠢ | ᠡᠵᠡᠯᠡᠵᠦ᠂ ᠣᠷᠣᠨ ᠤ ᠭᠠᠳᠠᠨ᠎ᠠ ᠠᠴᠠ ᠢᠷᠡᠭᠰᠡᠨ ᠵᠢᠭᠤᠯᠴᠢᠯᠠᠭᠴᠢ 27.68% ᠶᠢ ᠡᠵᠡᠯᠡᠵᠡᠢ᠃ ᠣᠷᠣᠨ ᠤ ᠭᠠᠳᠠᠨᠠᠬᠢ ᠵᠢᠭᠤᠯᠴᠢᠯᠠᠭᠴᠢᠳ ᠭᠤᠣᠯᠳᠠᠭᠤ | ᠡᠷᠭᠢᠨ ᠲᠣᠭᠤᠷᠢᠨ ᠤ ᠮᠤᠵᠢ ᠬᠤᠲᠠ ᠠᠴᠠ ᠢᠷᠡᠵᠦ᠂ ᠪᠡᠭᠡᠵᠢᠩ᠂ ᠾᠧᠪᠧᠢ᠂ ᠭᠢᠷᠢᠨ᠂ ᠯᠢᠶᠣᠤᠨᠢᠩ᠂ ᠱᠠᠨᠳᠦ᠋ᠩ᠂ ᠱᠠᠨᠰᠢ | ᠵᠡᠷᠭᠡ ᠵᠢᠷᠭᠤᠭᠠᠨ ᠮᠤᠵᠢ ᠬᠤᠲᠠ ᠶᠢᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠨᠡᠯᠢᠶᠡᠳ ᠣᠯᠠᠨ ᠲᠤᠭ᠎ᠠ ᠶᠢ ᠡᠵᠡᠯᠡᠵᠦ᠂ ᠵᠢᠭᠤᠯᠴᠢᠯᠠᠭᠴᠢ ᠶᠢᠨ 15. | 90% ᠶᠢ ᠡᠵᠡᠯᠡᠵᠦ᠂ ᠪᠡᠭᠡᠵᠢᠩ ᠬᠤᠲᠠ ᠶᠢᠨ ᠵᠢᠭᠤᠯᠴᠢᠯᠠᠭᠴᠢᠳ ᠨᠢ ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠬᠠᠷᠢᠴᠠᠯ ᠢᠶᠠᠷ ᠨᠢᠭᠡᠳᠦᠭᠡᠷ ᠲᠤ ᠣᠷᠣᠪᠠ᠃ | | ᠵᠢᠭᠤᠯᠴᠢᠯᠠᠭᠴᠢᠳ ᠤᠨ ᠬᠡᠷᠡᠭᠯᠡᠭᠡᠨ ᠤ ᠪᠦᠲᠦᠴᠡ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ ᠵᠢᠭᠤᠯᠴᠢᠯᠠᠭᠴᠢ ᠶᠢᠨ ᠵᠠᠷᠤᠳᠠᠯ ᠭᠤᠣᠯᠳᠠᠭᠤ | ᠢᠳᠡᠵᠦ ᠤᠤᠭᠤᠬᠤ᠂ ᠬᠤᠨᠣᠵᠤ ᠬᠡᠪᠲᠡᠬᠦ ᠪᠠ ᠵᠠᠮ ᠬᠠᠷᠢᠯᠴᠠᠭᠠᠨ ᠳᠡᠭᠡᠷ᠎ᠡ ᠲᠥᠪᠯᠡᠷᠡᠵᠦ᠂ ᠡᠭᠦᠨ ᠤ ᠳᠣᠲᠣᠷ᠎ᠠ᠂ ᠢᠳᠡᠵᠦ ᠤᠤᠭᠤᠬᠤ ᠵᠠᠷᠤᠳᠠᠯ ᠬᠠᠮᠤᠭ ᠠᠴᠠ | ᠶᠡᠭᠡ ᠪᠠᠶᠢᠵᠤ᠂ ᠵᠢᠭᠤᠯᠴᠢᠯᠠᠭᠴᠢ ᠶᠢᠨ ᠶᠡᠷᠦᠩᠬᠡᠢ ᠵᠠᠷᠤᠳᠠᠯ ᠤᠨ 29.16% ᠶᠢ ᠡᠵᠡᠯᠡᠵᠦ᠂ ᠬᠤᠨᠣᠵᠤ ᠬᠡᠪᠲᠡᠬᠦ ᠵᠠᠷᠤᠳᠠᠯ 22.05% ᠶᠢ ᠡᠵᠡᠯᠡᠵᠦ᠂ ᠵᠠᠮ | ᠬᠠᠷᠢᠯᠴᠠᠭᠠᠨ ᠤ ᠵᠠᠷᠤᠳᠠᠯ 16.74% ᠶᠢ ᠡᠵᠡᠯᠡᠵᠦ᠂ ᠪᠠᠷᠠᠭ᠎ᠠ ᠬᠤᠳᠠᠯᠳᠤᠨ ᠠᠪᠤᠭᠰᠠᠨ ᠵᠠᠷᠤᠳᠠᠯ 16.03% ᠶᠢ ᠡᠵᠡᠯᠡᠵᠦ᠂ ᠦᠵᠡᠮᠵᠢ ᠶᠢᠨ ᠣᠷᠣᠨ ᠢᠶᠠᠷ | ᠲᠣᠭᠤᠷᠢᠨ ᠵᠤᠭᠠᠴᠠᠭᠰᠠᠨ ᠵᠠᠷᠤᠳᠠᠯ 6.34% ᠶᠢ ᠡᠵᠡᠯᠡᠵᠦ᠂ ᠨᠠᠶᠢᠷᠠᠯᠠᠵᠤ ᠴᠡᠩᠭᠡᠬᠦ ᠳᠤ ᠵᠠᠷᠤᠴᠠᠭᠤᠯᠤᠭᠰᠠᠨ ᠵᠠᠷᠤᠳᠠᠯ 7.14% ᠶᠢ ᠡᠵᠡᠯᠡᠵᠡᠢ᠃ | ᠵᠢᠭᠤᠯᠴᠢᠯᠠᠭᠴᠢ ᠶᠢᠨ ᠶᠠᠪᠤᠵᠤ ᠰᠠᠭᠤᠭᠰᠠᠨ ᠬᠡᠯᠪᠡᠷᠢ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ ᠵᠢᠭᠤᠯᠴᠢᠯᠠᠭᠴᠢ ᠨᠢ ᠭᠤᠣᠯᠳᠠᠭᠤ ᠴᠢᠯᠦᠭᠡᠲᠡᠢ | ᠵᠤᠭᠠᠯᠠᠬᠤ ᠪᠠᠷ ᠭᠤᠣᠯ ᠪᠣᠯᠭᠠᠵᠤ᠂ ᠡᠭᠦᠨ ᠳᠤ ᠥᠪᠡᠷᠲᠡᠭᠡᠨ ᠵᠤᠭᠠᠯᠠᠭᠰᠠᠨ ᠬᠠᠷᠢᠴᠠᠯ 53.64%᠂ ᠬᠤᠪᠢ ᠶᠢᠨ ᠮᠠᠰᠢᠨ ᠢᠶᠠᠷ ᠵᠤᠭᠠᠯᠠᠭᠰᠠᠨ ᠬᠠᠷᠢᠴᠠᠯ 37. | 27%᠂ ᠵᠢᠭᠤᠯᠴᠢᠯᠠᠯ ᠤᠨ ᠪᠦᠯᠬᠦᠮ ᠢ ᠳᠠᠭᠠᠵᠤ ᠵᠤᠭᠠᠯᠠᠭᠰᠠᠨ ᠬᠠᠷᠢᠴᠠᠯ 3.18%᠂ ᠬᠤᠳᠠᠯᠳᠤᠭᠠᠨ ᠤ ᠶᠠᠪᠤᠳᠠᠯ ᠤᠨ ᠵᠢᠭᠤᠯᠴᠢᠯᠠᠯ ᠤᠨ ᠬᠠᠷᠢᠴᠠᠯ 5. | 91% ᠬᠦᠷᠴᠡᠢ᠃ | ᠵᠢᠭᠤᠯᠴᠢᠯᠠᠭᠴᠢ ᠶᠢᠨ ᠳᠤᠷ᠎ᠠ ᠰᠣᠨᠢᠷᠬᠠᠯᠲᠠᠢ ᠬᠥᠳᠡᠯᠭᠡᠭᠡᠨ ᠠᠴᠠ ᠦᠵᠡᠪᠡᠯ᠂ ᠵᠢᠭᠤᠯᠴᠢᠯᠠᠭᠴᠢ ᠶᠢᠨ ᠬᠠᠮᠤᠭ ᠤᠨ ᠳᠤᠷ᠎ᠠ ᠰᠣᠨᠢᠷᠬᠠᠯᠲᠠᠢ ᠬᠥᠳᠡᠯᠭᠡᠭᠡᠨ | ᠨᠢ ᠦᠨᠳᠦᠰᠦᠲᠡᠨ ᠤ ᠳᠠᠭᠤᠤ ᠪᠥᠵᠢᠭ ᠤᠨ ᠬᠠᠮᠢᠶ᠎ᠠ ᠲᠠᠢ ᠬᠥᠳᠡᠯᠭᠡᠭᠡᠨ ᠪᠠᠶᠢᠵᠤ᠂ 40.77% ᠶᠢ ᠡᠵᠡᠯᠡᠵᠦ᠂ ᠳᠠᠷᠠᠭᠠᠯᠠᠪᠠᠯ ᠦᠨᠳᠦᠰᠦᠲᠡᠨ ᠤ ᠵᠠᠩ | ᠦᠢᠯᠡ ᠶᠢᠨ ᠬᠠᠮᠢᠶ᠎ᠠ ᠲᠠᠢ ᠬᠥᠳᠡᠯᠭᠡᠭᠡᠨ 23.08% ᠶᠢ ᠡᠵᠡᠯᠡᠵᠦ᠂ ᠦᠨᠳᠦᠰᠦᠲᠡᠨ ᠤ ᠪᠠᠶᠠᠷ ᠳᠤᠷᠠᠰᠬᠠᠯ ᠤᠨ ᠬᠠᠮᠢᠶ᠎ᠠ ᠲᠠᠢ ᠬᠥᠳᠡᠯᠭᠡᠭᠡᠨ | ᠭᠤᠷᠪᠠᠳᠤᠭᠠᠷ ᠲᠤ ᠵᠢᠭᠰᠠᠭᠠᠭᠳᠠᠵᠤ᠂ 20.77% ᠶᠢ ᠡᠵᠡᠯᠡᠵᠡᠢ᠃ | ᠵᠢᠭᠤᠯᠴᠢᠯᠠᠭᠴᠢ ᠶᠢᠨ ᠰᠣᠨᠢᠷᠬᠠᠯ ᠢ ᠲᠠᠲᠠᠬᠤ ᠪᠠᠷᠠᠭ᠎ᠠ ᠠᠴᠠ ᠦᠵᠡᠪᠡᠯ᠂ ᠵᠢᠭᠤᠯᠴᠢᠯᠠᠭᠴᠢᠳ ᠮᠠᠨ ᠤ ᠬᠤᠲᠠ ᠶᠢᠨ ᠦᠨᠳᠦᠰᠦᠲᠡᠨ ᠤ ᠬᠥᠭᠵᠢᠮ ᠤᠨ | ᠵᠦᠢᠯ ᠳᠤ ᠮᠠᠰᠢ ᠰᠣᠨᠢᠷᠬᠠᠯ ᠲᠠᠢ ᠪᠠᠶᠢᠵᠤ᠂ 28.64% ᠶᠢ ᠡᠵᠡᠯᠡᠵᠦ᠂ ᠳᠠᠷᠠᠭᠠᠯᠠᠪᠠᠯ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ 26.82% ᠢ | ᠡᠵᠡᠯᠡᠵᠦ᠂ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠯᠪᠤᠷᠢ ᠪᠦᠲᠦᠭᠡᠭᠳᠡᠬᠦᠨ ᠭᠤᠷᠪᠠᠳᠤᠭᠠᠷ ᠲᠤ ᠵᠢᠭᠰᠠᠭᠠᠭᠳᠠᠵᠤ 20.00% ᠶᠢ | ᠡᠵᠡᠯᠡᠵᠡᠢ᠃ |