ᠵᠠᠩ ᠶᠦᠩ ᠸᠧᠨ᠄ ᠪᠥᠬᠦ ᠰᠢᠶᠠᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠴᠢᠷᠮᠠᠶᠢᠨ ᠪᠠᠶᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2020/10/12
     10 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠬᠦ ᠰᠢᠶᠠᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠢᠴᠢ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠪᠠ ᠭᠠᠵᠠᠷ ᠰᠢᠷᠣᠶ ᠶᠢ ᠤᠷᠪᠠᠭᠤᠯᠬᠤ᠂ ᠡᠷᠭᠢᠯᠳᠦᠭᠦᠯᠦᠨ ᠬᠠᠭᠠᠯᠪᠤᠷᠢᠯᠠᠬᠤ ᠵᠡᠷᠭᠡ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠨ ᠪᠣᠳᠠᠲᠠᠶ ᠠᠳᠬᠤᠵᠤ ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠠᠶᠢᠭᠤᠯᠵᠤ᠂ ᠪᠦᠬᠦ ᠰᠢᠶᠠᠨ ᠤ ᠡᠰᠢ ᠰᠦᠷᠡᠯ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠣᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠤᠨ ᠪᠦᠬᠦᠯᠢ ᠴᠣᠭᠴᠠ ᠶᠢᠨ ᠪᠠᠶᠢᠳᠠᠯ᠂ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ︔ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠥᠪᠡᠷ ᠥᠪᠡᠷ ᠤᠨ ᠪᠠᠶᠢᠳᠠᠯ ᠢᠶᠠᠨ ᠲᠤᠰ ᠲᠤᠰ ᠲᠤᠨᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠵᠠᠩ ᠶᠦᠩ ᠸᠧᠨ ᠴᠢᠬᠤᠯᠠᠴᠢᠯᠠᠭᠰᠠᠨ ᠨᠢ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠢᠯᠣᠭᠤᠳᠬᠠᠬᠤ ᠪᠠ ᠪᠥᠭᠯᠡᠬᠦ ᠶᠢ ᠤᠶᠠᠯᠳᠤᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠯᠠᠨ ᠡᠰᠢᠵᠢᠭᠦᠯᠦᠨ ᠠᠰᠢᠭᠯᠠᠬᠤ ᠶᠢ ᠪᠠᠷᠢᠮᠲᠠᠯᠠᠵᠤ᠂ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠠᠶᠢᠭᠤᠯᠵᠤ᠂ ᠡᠰᠢ ᠰᠦᠢᠷᠡᠯ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠭᠠᠵᠠᠷ ᠰᠢᠷᠣᠶ ᠶᠢ ᠭᠦᠨ ᠤᠷᠪᠠᠭᠤᠯᠬᠤ᠂ ᠡᠷᠭᠢᠯᠳᠦᠭᠦᠯᠦᠨ ᠬᠠᠭᠠᠯᠪᠤᠷᠢᠯᠠᠬᠤ ᠵᠡᠷᠭᠡ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠤᠳᠤᠷᠢᠳᠤᠯᠭ᠎ᠠ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠶᠢᠲᠤᠷ ᠠᠰᠢᠭᠯᠠᠨ᠂ ᠵᠦᠶ ᠵᠣᠬᠢᠰᠲᠠᠶ ᠲᠥᠰᠦᠯ ᠲᠣᠭᠲᠠᠭᠠᠵᠤ᠂ ᠠᠵᠤ ᠠᠬᠤᠶᠢᠯᠠᠯ᠂ ᠣᠯᠠᠨ ᠲᠦᠮᠡᠨ ᠲᠠᠢ ᠢᠳᠡᠪᠬᠢᠲᠡᠶ ᠬᠠᠮᠵᠢᠯᠴᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠢ ᠪᠣᠯᠭᠠᠵᠤ᠂ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠣᠯᠠᠬᠤ ᠬᠡᠷᠡᠭᠲᠡᠢ᠃ ᠡᠭᠦᠨ ᠤ ᠬᠠᠮᠲᠤ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠬᠦᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠴᠢᠭᠯᠡᠭᠦᠯᠦᠨ᠂ ᠵᠠᠩ ᠶᠦᠩ ᠸᠧᠨ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ᠰᠠᠭᠤᠷᠢ ᠲᠤᠭ᠎ᠠ ᠶᠢ ᠲᠣᠳᠣᠷᠬᠠᠶ᠂ ᠪᠠᠶᠢᠳᠠᠯ ᠢ ᠲᠣᠳᠣᠷᠬᠠᠶ ᠪᠠᠶᠢᠯᠭᠠᠵᠣ᠂ ᠠᠵᠤ ᠠᠬᠤᠶᠢᠯᠠᠯ ᠢ ᠵᠣᠬᠢᠴᠠᠭᠤᠯᠵᠤ ᠪᠠᠶᠢᠭᠠᠳ ᠬᠠᠮᠢᠶ᠎ᠠ ᠪᠦᠬᠦᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠠᠵᠢᠯ ᠢ ᠲᠦᠷᠭᠡᠬᠡᠨ ᠨᠠᠶᠢᠳᠠᠪᠣᠷᠢᠵᠢᠭᠤᠯᠬᠤ ᠶᠢᠨ ᠬᠠᠮᠲᠤ ᠲᠦᠷᠦᠭᠦᠯᠡᠬᠦ ᠨᠢᠭᠡᠴᠡ ᠲᠠᠢ ᠬᠠᠮᠵᠢᠯᠴᠠᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠯᠠᠶ ᠵᠣ᠋᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号