ᠰᠢᠨ᠎ᠡ ᠬᠤᠲᠠ ᠲᠣᠭᠤᠷᠢᠭ ᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020/10/12
      10 ᠳ᠋ᠤᠭᠠᠷ ᠰᠠᠷ᠎ᠠ ᠶᠢᠨ 11 ᠤ ᠡᠳᠦᠷ᠂ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ︾ ᠤᠨ ᠴᠠᠭ ᠤᠨ ᠲᠣᠬᠢᠷᠠᠭᠤᠯᠤᠯᠲᠠ ᠶᠣᠰᠣᠭᠠᠷ᠂ ᠰᠢᠨ᠎ᠡ ᠬᠤᠲᠠ ᠲᠣᠭᠤᠷᠢᠭ ᠤᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ ᠵᠢᠩᠭᠢᠨᠢ ᠪᠠᠷ ᠡᠬᠢᠯᠡᠪᠡ᠃ ᠪᠥᠬᠦ ᠣᠷᠣᠨ ᠤ 612 ᠨᠡᠷᠡᠰ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ᠂ 3289 ᠨᠡᠷᠡᠰ ᠨᠡᠶᠢᠳᠡᠮ ᠪᠠᠶᠢᠴᠠᠭᠠᠭᠴᠢ ᠲᠣᠰ ᠡᠳᠦᠷ ᠠᠴᠠ ᠡᠬᠢᠯᠡᠨ ᠪᠤᠷᠤᠬᠤᠰᠢᠭᠤ ᠪᠠᠯᠭᠠᠰᠤ᠂ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠩ ᠱᠧᠩ ᠬᠦᠷᠢᠶᠡᠯᠡᠩ ᠲᠣᠭᠤᠷᠢᠭ ᠲᠤ ᠬᠤᠪᠢᠶᠠᠷᠢᠯᠠᠨ ᠲᠣᠭᠲᠠᠭᠠᠭᠰᠠᠨ 78 ᠨᠡᠶᠢᠳᠡᠮ ᠪᠠᠶᠢᠴᠠᠭᠠᠯᠲᠠ ᠶᠢᠨ ᠲᠣᠭᠤᠷᠢᠭ 3156 ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠲᠤ ᠭᠦᠨᠵᠡᠭᠡᠶᠢᠷᠡᠨ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠦᠨ᠎ᠡ᠃  
     ᠡᠷᠦᠬᠡ ᠳᠤ ᠣᠷᠣᠬᠤ ᠶᠠᠪᠤᠴᠠ ᠳᠤᠮᠳᠠ᠂ ᠨᠡᠶᠢᠳᠡᠮ ᠪᠠᠶᠢᠴᠠᠭᠠᠭᠴᠢ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ᠨᠢᠭᠡᠲᠦᠯᠲᠡᠢ ᠦᠨᠡᠮᠯᠡᠯ ᠵᠡᠭᠦᠵᠦ ᠪᠡᠶ᠎ᠡ ᠶᠢᠨ ᠭᠠᠷᠤᠯ ᠢᠶᠠᠨ ᠢᠯᠡᠳᠬᠡᠵᠦ᠂ ᠢᠷᠡᠭᠰᠡᠨ ᠰᠠᠨᠠᠭ᠎ᠠ ᠪᠠᠨ ᠲᠣᠳᠣᠷᠬᠠᠶᠢᠯᠠᠵᠤ᠂ ︽ᠰᠠᠭᠤᠭᠠᠯᠢ ᠡᠷᠦᠬᠡ ᠳᠤ ᠥᠭᠭᠦᠭᠰᠡᠨ ᠵᠠᠬᠢᠳᠠᠯ︾ ᠢ ᠰᠠᠭᠤᠭᠠᠯᠢ ᠡᠷᠦᠬᠡ ᠶᠢᠨ ᠭᠠᠷ ᠲᠤ ᠲᠠᠷᠬᠠᠭᠠᠵᠤ᠂ ᠨᠡᠶᠢᠳᠡᠮ ᠪᠠᠶᠢᠴᠠᠭᠠᠭᠳᠠᠬᠤ ᠡᠲᠡᠭᠡᠳ ᠲᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠷᠥ ᠶᠢᠨ ᠪᠤᠳᠤᠯᠭ᠎ᠠ ᠪᠣᠯᠤᠨ ᠳᠦᠷᠢᠮ ᠢ ᠲᠠᠶᠢᠯᠤᠮᠵᠢ ᠬᠢᠪᠡ᠃ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ 10 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠵᠦ᠂ ᠡᠨᠡᠬᠦ ᠱᠠᠲᠤᠨ ᠳᠤ ᠨᠡᠶᠢᠳᠡᠮ ᠪᠠᠶᠢᠴᠠᠭᠠᠭᠴᠢ ᠡᠷᠦᠬᠡ ᠳᠠᠷᠠᠭᠠᠯᠠᠨ ᠬᠠᠶᠢᠨ ᠪᠠᠶᠢᠴᠠᠭᠠᠯᠲᠠ ᠬᠢᠵᠦ᠂ ᠣᠷᠣᠨ ᠪᠦᠰᠡ ᠨᠢᠭᠡᠪᠦᠷᠢ ᠶᠢᠨ ᠣᠷᠣᠨ ᠰᠠᠭᠤᠴᠠ ᠶᠢᠨ ᠲᠤᠭ᠎ᠠ ᠪᠣᠯᠤᠨ ᠪᠣᠳᠠᠲᠠᠶ ᠣᠷᠣᠨ ᠪᠠᠶᠢᠷᠢ ᠶᠢ ᠲᠣᠳᠣᠷᠬᠠᠶ ᠣᠶᠢᠯᠠᠭᠠᠵᠤ᠂ ︽ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠤᠨ ᠵᠢᠷᠤᠭ︾ ᠢ ᠵᠢᠷᠤᠨ᠎ᠠ︔ ᠪᠠᠰᠠ ᠰᠠᠭᠤᠭᠠᠯᠢ ᠡᠷᠦᠬᠡ ᠶᠢᠨ ᠭᠡᠷ ᠲᠤ ᠣᠷᠣᠵᠤ᠂ ᠨᠡᠶᠢᠳᠡᠮ ᠪᠠᠶᠢᠴᠠᠭᠠᠯᠲᠠ ᠬᠢᠬᠦ ᠪᠠᠨ ᠮᠡᠳᠡᠭᠳᠡᠵᠦ᠂ ᠪᠦᠷᠢᠳᠬᠡᠬᠦ ᠠᠷᠭ᠎ᠠ ᠮᠠᠶ᠋ᠢᠭ ᠢ ᠯᠠᠪᠯᠠᠨ ᠠᠰᠠᠭᠤᠵᠤ᠂ ᠭᠡᠷ ᠳᠣᠲᠣᠷᠠᠬᠢ ᠬᠥᠮᠦᠰ ᠤᠨ ᠶᠡᠭᠡ ᠲᠥᠯᠥᠪ ᠪᠠᠶᠢᠳᠠᠯ ᠢ ᠣᠶᠢᠯᠠᠭᠠᠵᠤ᠂ ︽ᠭᠡᠷ ᠤᠨ ᠡᠵᠡᠨ ᠤ ᠣᠪᠣᠭ ᠨᠡᠷ᠎ᠡ ᠶᠢᠨ ᠡᠬᠡ ᠳᠠᠩᠰᠠ︾ ᠶᠢ ᠨᠠᠶᠢᠷᠠᠭᠤᠯᠤᠨ ᠵᠣᠬᠢᠶᠠᠵᠤ᠂ ᠨᠡᠶᠢᠳᠡᠮ ᠪᠠᠶᠢᠴᠠᠭᠠᠭᠳᠠᠬᠤ ᠡᠲᠡᠭᠡᠳ ᠢ ᠲᠣᠭᠲᠠᠭᠠᠵᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠶ︾ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号