10 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠲᠡᠮᠦᠷ ᠵᠢᠮᠲᠣ ᠵᠠᠮ ᠤᠨᠪᠦ᠋ᠲᠦᠭᠡᠨ | ᠪᠠᠶᠢᠭᠤᠯᠤᠯᠲᠠ ᠶᠢᠨ ᠬᠠᠮᠢᠶᠠᠷᠣᠯᠳᠠ ᠶᠢᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠤᠯᠤᠰ ᠤᠨ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠱᠤᠭᠤᠮ ᠤᠨ | ᠠᠶᠠᠨᠴᠢᠳ ᠤᠨ ᠲᠤᠭ᠎ᠠ 88.98 ᠲᠦᠮᠡᠨ ᠬᠥᠮᠦᠨ ᠤᠳᠠᠭ᠎ᠠ ᠳᠤ ᠬᠦᠷᠴᠦ᠂ ᠡᠭᠦᠨ ᠳᠤ 1 ᠳ᠋ᠤᠭᠡᠷ ᠱᠤᠭᠤᠮ ᠤᠨ | ᠠᠶᠠᠨᠴᠢᠳ ᠤᠨ ᠲᠤᠭ᠎ᠠ 49.36 ᠲᠦᠮᠡᠨ ᠬᠥᠮᠦᠨ ᠤᠳᠠᠭ᠎ᠠ ᠳᠤ ᠬᠦᠷᠴᠦ᠂ 2 ᠳ᠋ᠤᠭᠠᠷ ᠱᠤᠭᠤᠮ ᠤᠨ | ᠠᠶᠠᠨᠴᠢᠳ ᠤᠨ ᠲᠤᠭ᠎ᠠ 39.62 ᠲᠦᠮᠡᠨ ᠬᠥᠮᠦᠨ ᠤᠳᠠᠭ᠎ᠠ ᠳᠤ ᠬᠦᠷᠴᠦ᠂ ᠱᠤᠭᠤᠮ ᠲᠤᠤᠷ ᠤᠨ ᠲᠡᠷᠭᠡ | ᠰᠤᠯᠢᠭᠰᠠᠨ ᠬᠡᠮᠵᠢᠶ᠎ᠡ 13.24 ᠲᠦᠮᠡᠨ ᠬᠥᠮᠦᠨ ᠤᠳᠠᠭ᠎ᠠ ᠳᠤ ᠬᠦᠷᠴᠡᠶ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2 ᠳ᠋ᠤᠭᠠᠷ ᠱᠤᠭᠤᠮ ᠨᠡᠪᠲᠡᠷᠡᠭᠰᠡᠨ ᠤ ᠳᠠᠷᠠᠭ᠎ᠠ᠂ 1 ᠳ᠋ᠤᠭᠡᠷ | ᠱᠤᠭᠤᠮ ᠤᠨ ᠠᠶᠠᠨᠴᠢᠳ ᠤᠨ ᠲᠤᠭ᠎ᠠ ᠤᠯᠠᠮ ᠢᠶᠠᠷ ᠨᠡᠮᠡᠭᠳᠡᠵᠦ᠂ ᠭᠠᠵᠠᠷ ᠳᠣᠤᠷᠠᠬᠢ ᠲᠡᠮᠦᠷ ᠵᠠᠮ ᠳᠤ ᠰᠠᠭᠤᠵᠤ | ᠭᠠᠳᠠᠭᠰᠢ ᠭᠠᠷᠬᠤ ᠬᠤᠲᠠ ᠶᠢᠨ ᠠᠷᠠᠳ ᠢᠯᠡᠳᠲᠡ ᠨᠡᠮᠡᠭᠳᠡᠵᠡᠶ᠃ 10 ᠰᠠᠷ᠎ᠠ ᠶᠢᠨ 8 ᠤ ᠡᠳᠦᠷ ᠢᠶᠠᠷ ᠵᠢᠱᠢᠶᠡᠯᠡᠪᠡᠯ | ᠂ ᠲᠤᠰ ᠡᠳᠦᠷ ᠤᠨ 1ᠳ᠋ᠤᠭᠡᠷ ᠱᠤᠭᠤᠮ ᠤᠨ ᠠᠶᠠᠨᠴᠢᠳ ᠤᠨ ᠲᠤᠭ᠎ᠠ ᠬᠡᠮᠵᠢᠶ᠎ᠡ 63217 ᠬᠥᠮᠦᠨ ᠤᠳᠠᠭ᠎ᠠ | ᠪᠠᠶᠢᠵᠤ᠂ ᠡᠭᠦᠨ ᠳᠤ᠂ 2 ᠳ᠋ᠤᠭᠠᠷ ᠱᠤᠭᠤᠮ ᠠᠴᠠ ᠰᠣᠯᠢᠵᠤ ᠰᠠᠭᠤᠭᠰᠠᠨ ᠬᠡᠮᠵᠢᠶ᠎ᠡ ᠨᠢ 9337 ᠬᠥᠮᠦᠨ ᠤᠳᠠᠭ᠎ᠠ | ᠪᠣᠯᠤᠨ᠎ᠠ᠃ 10 ᠰᠠᠷ᠎ᠠ ᠶᠢᠨ 8 ᠤ ᠡᠳᠦᠷ ᠪᠣᠯᠲᠠᠯ᠎ᠠ᠂ ᠭᠠᠵᠠᠷ ᠳᠣᠤᠷᠠᠬᠢ ᠲᠡᠮᠦᠷ ᠵᠠᠮ ᠤᠨ 1ᠳ᠋ᠤᠭᠡᠷ ᠱᠤᠭᠤᠮ ᠨᠢ | ᠨᠡᠶᠢᠲᠡ 255 ᠡᠳᠦᠷ ᠠᠮᠤᠷ ᠲᠦᠪᠰᠢᠨ ᠢᠶᠠᠷ ᠠᠶᠠᠯᠠᠵᠤ᠂ ᠨᠡᠶᠢᠲᠡ 866.49 ᠲᠦᠮᠡᠨ ᠬᠥᠮᠦᠨ ᠤᠳᠠᠭ᠎ᠠ | ᠠᠶᠠᠨᠴᠢᠳ ᠤᠨ ᠲᠡᠭᠡᠭᠡᠪᠦᠷᠢ ᠶᠢ ᠪᠡᠶᠡᠯᠡᠭᠦᠯᠪᠡ︔ 10 ᠰᠠᠷ᠎ᠠ ᠶᠢᠨ1 ᠤ ᠡᠳᠦᠷ 2 ᠳ᠋ᠤᠭᠠᠷ ᠱᠤᠭᠤᠮ ᠨᠡᠪᠲᠡᠷᠡᠭᠰᠡᠨ ᠤ | ᠳᠠᠷᠠᠭ᠎ᠠ᠂ 1ᠳ᠋ᠤᠭᠡᠷ ᠱᠤᠭᠤᠮ ᠤᠨ ᠠᠶᠠᠨᠴᠢᠳ ᠤᠨ ᠲᠤᠭ᠎ᠠ ᠬᠡᠮᠵᠢᠶ᠎ᠡ ᠶᠢ ᠡᠳᠦᠷ ᠪᠦᠷᠢ ᠳᠤᠮᠳᠠᠴᠢ ᠪᠠᠷ 1.9 | ᠲᠦᠮᠡᠨ ᠬᠥᠮᠦᠨ ᠤᠳᠠᠭ᠎ᠠ ᠨᠡᠮᠡᠭᠳᠡᠭᠦᠯᠵᠡᠶ᠃ | ᠠᠶᠠᠨᠴᠢᠳ ᠤᠨ ᠤᠷᠤᠰᠬᠠᠯ ᠤᠨ ᠲᠠᠯ᠎ᠠ ᠪᠠᠷ᠂ 1ᠳ᠋ᠤᠭᠡᠷ ᠱᠤᠭᠤᠮ ᠤᠨ ᠠᠶᠠᠨᠴᠢᠳ ᠤᠨ ᠤᠷᠤᠰᠬᠠᠯ ᠤᠨ | ᠬᠠᠮᠤᠭ ᠤᠨ ᠶᠡᠭᠡ ᠥᠷᠲᠡᠭᠡ ᠪᠣᠯ ᠰᠢᠨᠬᠤᠸᠠ ᠠᠭᠤᠳᠠᠮ ᠲᠠᠯᠠᠪᠠᠢ ᠶᠢᠨ ᠥᠷᠲᠡᠭᠡ ᠪᠣᠯᠤᠨ᠎ᠠ᠂ ᠠᠶᠠᠨᠴᠢᠳ ᠤᠨ | ᠤᠷᠤᠰᠬᠠᠯ ᠤᠨ ᠨᠡᠯᠢᠶᠡᠳ ᠶᠡᠭᠡ ᠥᠷᠲᠡᠭᠡ ᠴᠡᠭ ᠲᠤ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ᠂ ᠳ᠋ᠦᠩ ᠶᠢᠩ ᠵᠠᠮ᠂ ᠥᠪᠥᠷ ᠮᠣᠩᠭᠤᠯ ᠤᠨ ᠮᠦᠽᠧᠶ᠂ ᠬᠥᠬᠡᠬᠤᠲᠠ ᠶᠢᠨ ᠵᠡᠭᠦᠨ ᠥᠷᠲᠡᠭᠡ | ᠂ ᠪᠠᠶᠠᠨ ︵ᠨᠢᠰᠬᠡᠯ ᠤᠨ ᠪᠠᠭᠤᠳᠠᠯ︶ ᠵᠡᠷᠭᠡ ᠥᠷᠲᠡᠭᠡ ᠪᠣᠶ᠃ 2 ᠳ᠋ᠤᠭᠠᠷ ᠱᠤᠭᠤᠮ ᠤᠨ ᠠᠶᠠᠨᠴᠢᠳ ᠤᠨ | ᠤᠷᠤᠰᠬᠠᠯ ᠤᠨ ᠬᠠᠮᠤᠭ ᠤᠨ ᠶᠡᠭᠡ ᠥᠷᠲᠡᠭᠡ ᠪᠣᠯ ᠵᠦᠩ ᠱᠠᠨ ᠵᠠᠮ ᠤᠨ ᠦᠷᠲᠡᠭᠡ ᠪᠣᠯᠤᠨ᠎ᠠ᠃ ᠵᠦᠩ ᠱᠠᠨ | ᠵᠠᠮ ᠤᠨ ᠬᠤᠳᠠᠯᠳᠤᠭᠠᠨ ᠤ ᠲᠣᠭᠤᠷᠢᠭ ᠲᠤ ᠬᠤᠲᠠ ᠶᠢᠨ ᠠᠷᠠᠳ ᠵᠡᠭᠡᠯᠢ ᠲᠣᠭᠤᠷᠢᠵᠤ ᠪᠠᠷᠠᠭ᠎ᠠ ᠬᠤᠳᠠᠯᠳᠤᠨ ᠠᠪᠬᠤ | ᠬᠦᠮᠣᠰ ᠤᠯᠠᠨ ᠪᠠᠶᠢᠳᠠᠭ᠃ ᠵᠦᠩ ᠱᠠᠨ ᠵᠠᠮ ᠤᠨ ᠥᠷᠲᠡᠭᠡ ᠨᠢ 2 ᠳ᠋ᠤᠭᠠᠷ ᠱᠤᠭᠤᠮ ᠤᠨ ᠬᠠᠮᠤᠭ ᠤᠨ ᠶᠡᠭᠡ | ᠠᠶᠠᠨᠴᠢᠳ ᠤᠨ ᠥᠷᠲᠡᠭᠡ ᠪᠣᠯᠵᠠᠶ᠃ ᠪᠦᠷᠢᠳᠬᠡᠯ ᠢ ᠦᠨᠳᠦᠰᠦᠯᠡᠪᠡᠯ᠂ ᠵᠦᠩ ᠱᠠᠨ ᠵᠠᠮ ᠤᠨ ᠠᠶᠠᠨᠴᠢᠳ | ᠬᠠᠮᠤᠭ ᠤᠨ ᠠᠷᠪᠢᠨ ᠨᠢᠭᠡ ᠡᠳᠦᠷ ᠪᠣᠯ 10 ᠰᠠᠷ᠎ᠠ ᠶᠢᠨ 3 ᠳᠤ ᠥᠷᠲᠡᠭᠡ ᠪᠠᠷ ᠣᠷᠣᠵᠤ ᠭᠠᠷᠬᠤ ᠬᠥᠮᠦᠨ ᠤ | ᠲᠤᠭ᠎ᠠ 17666 ᠬᠥᠮᠦᠨ ᠤᠳᠠᠭ᠎ᠠ ᠳᠤ ᠬᠦᠷᠴᠡᠶ᠃ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ | ᠠᠶᠠᠨᠴᠢᠳ ᠤᠨ ᠣᠷᠣᠰᠬᠠᠯ ᠨᠡᠯᠢᠶᠡᠳ ᠶᠡᠭᠡ ᠦᠷᠲᠡᠭᠡ ᠴᠢᠭ ᠲᠤ ᠪᠠᠰᠠ ᠯᠠᠮᠠ ᠶᠢᠨ ᠠᠶᠢᠯ᠂ ᠡᠤ ᠯᠢ ᠶᠢᠩ᠂ | ᠨᠤᠬᠤᠮᠠᠯ ᠪᠣᠯᠤᠨ ᠬᠥᠬᠡᠬᠤᠲᠠ ᠥᠷᠲᠡᠭᠡ ᠪᠣᠶ᠃ ᠡᠭᠦᠨ ᠳᠤ ᠯᠠᠮᠠ ᠶᠢᠨ ᠠᠶᠢᠯ ᠪᠣᠯᠤᠨ ᠡᠤ ᠯᠢ ᠶᠢᠩ ᠤᠨ | ᠣᠶᠢᠷ᠎ᠠ ᠬᠠᠪᠢ ᠶᠢᠨ ᠰᠠᠭᠤᠭᠠᠯᠢ ᠲᠣᠭᠤᠷᠢᠭ ᠣᠯᠠᠨ ᠪᠠᠶᠢᠳᠠᠭ᠃ ᠭᠠᠵᠠᠷ ᠳᠣᠤᠷᠠᠬᠢ ᠲᠡᠮᠦᠷ ᠵᠠᠮ ᠨᠡᠪᠲᠡᠷᠡᠭᠰᠡᠨ ᠨᠢ | ᠳᠡᠭᠡᠷ᠎ᠡ ᠳᠤᠷᠠᠳᠤᠭᠰᠠᠨ ᠰᠠᠭᠤᠭᠠᠯᠢ ᠠᠷᠠᠳ ᠤᠨ ᠵᠠᠮ ᠨᠡᠪᠳᠡᠷᠡᠯᠭᠡ ᠳᠤ ᠲᠦᠭᠦᠮ ᠪᠣᠯᠭᠠᠵᠠᠢ᠃ ᠮᠥᠨ ᠴᠦ | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠶᠢᠨ ᠬᠤᠳᠠᠯᠳᠤᠭ᠎ᠠ ᠬᠡᠷᠡᠭᠯᠡᠭᠡ ᠳᠤ ᠯᠤᠲᠤ | ᠶᠡᠭᠡ ᠬᠤᠪᠢ ᠨᠡᠮᠡᠷᠢ ᠦᠵᠡᠭᠦᠯᠪᠡ᠃ | ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠶᠦᠨ ᠶᠠᠨ ᠹᠠᠩ︶ | http://mongol.people.com.cn/15826139.html | |