ᠬᠥᠬᠡᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠴᠢᠳᠠᠪᠤᠷᠢ ᠢᠯᠡᠳᠲᠡ ᠳᠡᠭᠡᠭᠰᠢᠯᠡᠪᠡ
ᠨᠡᠶᠢᠲᠡᠯᠡᠭᠰᠡᠨ ᠴᠠᠭ᠄
2020/10/12
       ᠡᠮ ᠡᠮᠨᠡᠯᠭᠡ ᠡᠷᠡᠭᠦᠯ ᠬᠠᠮᠠᠭᠠᠯᠠᠯ ᠤᠨ ᠪᠡᠯᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠬᠤᠲᠠ ᠬᠤᠰᠢᠭᠤ ᠰᠢᠶᠠᠨ ︵ᠲᠣᠭᠤᠷᠢᠭ︶ ᠲᠣᠰᠬᠤᠨ ᠤ ᠭᠤᠷᠪᠠᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ  ᠰᠦᠯᠵᠢᠶ᠎ᠡ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠥᠬᠡᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢᠯᠡᠳᠲᠡ ᠰᠠᠶᠢᠵᠢᠷᠠᠪᠠ︔ ︽ᠳᠤᠲᠠᠭᠤᠳᠠᠯ ᠢᠶᠠᠨ ᠨᠥᠬᠦᠪᠥᠷᠢᠯᠡᠬᠦ᠂ ᠦᠢᠯᠡᠴᠢᠯᠡᠭᠡ ᠪᠠᠨ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠠᠷᠳᠠᠴᠠ ᠪᠣᠯᠭᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠵᠦ᠂ ᠨᠠᠷᠢᠯᠢᠭ ᠬᠢᠵᠦ᠂ ᠪᠣᠳᠠᠳᠠᠢ ᠬᠢᠵᠤ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠪᠦᠬᠦᠨ ᠳᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠶᠢ ᠦᠨᠡᠨᠬᠦ  ᠪᠠᠲᠣᠯᠠᠪᠠ︔ ᠣᠶᠤᠨᠴᠢ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ   ᠶᠢ  ᠲᠠᠰᠣᠷᠠᠯᠳᠠ ᠦᠬᠡᠢ ᠴᠢᠩᠭᠠᠳᠬᠠᠵᠣ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠠᠯᠤᠰ ᠠᠴᠠ ᠣᠨᠣᠰᠢᠯᠠᠬᠤ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠦᠷᠦᠭᠳᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ ᠁    ᠬᠥᠬᠡᠬᠤᠲᠠ  ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢᠨ ᠶᠠᠪᠤᠴᠠ ᠶᠢ ᠠᠵᠢᠭᠯᠠᠪᠠᠯ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠠᠪᠤᠳᠠᠯ ᠢ ᠴᠢᠬᠤᠯᠠ ᠪᠠᠶᠢᠷᠢᠨ ᠳᠤ ᠲᠠᠯᠪᠢᠵᠤ᠂ ᠡᠷᠡᠭᠦᠯ ᠴᠢᠭᠢᠷᠠᠭ ᠠᠮᠢᠳᠤᠷᠠᠯ ᠢ ᠲᠦᠭᠡᠮᠡᠯᠵᠢᠭᠦᠯᠬᠦ᠂ ᠡᠷᠡᠭᠦᠯ ᠮᠡᠨᠳᠦ ᠶᠢᠨ ᠤᠶᠢᠯᠡᠴᠢᠯᠡᠭᠡ ᠶᠢ ᠰᠢᠯᠢᠳᠡᠭᠵᠢᠭᠦᠯᠬᠦ᠂ ᠡᠷᠡᠭᠦᠯ ᠮᠡᠨᠳᠦ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ᠂ ᠡᠷᠡᠭᠦᠯ ᠮᠡᠨᠳᠦ ᠶᠢᠨ ᠣᠷᠴᠢᠨ ᠲᠣᠭᠤᠷᠢᠨ ᠢ ᠪᠠᠶᠢᠭᠤᠯᠬᠤ᠂ ᠡᠷᠡᠭᠦᠯ ᠮᠡᠨᠳᠦ ᠶᠢᠨ ᠠᠵᠤ ᠣᠶᠢᠯᠡᠰ ᠢ ᠬᠥᠭᠵᠢᠭᠦᠯᠬᠦ ᠪᠠᠷ ᠭᠤᠤᠯᠳᠠᠯᠭ᠎ᠠ ᠪᠣᠯᠭᠠᠨ᠂ ᠡᠷᠡᠭᠦᠯ ᠡᠩᠬᠡ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠪᠦᠬᠦ ᠲᠠᠯ᠎ᠠ ᠪᠠᠷ᠂ ᠪᠦᠬᠦ ᠦᠶᠡᠯᠡᠯ ᠢᠶᠠᠷ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠶᠢᠯᠡᠰ ᠢᠯᠡᠳᠲᠡ ᠠᠮᠵᠢᠯᠲᠠ ᠣᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠴᠢᠳᠠᠪᠤᠷᠢ ᠢᠯᠡᠳᠲᠡ ᠳᠡᠭᠡᠭᠰᠢᠯᠡᠪᠡ᠃    ᠡᠮ ᠡᠮᠨᠡᠯᠭᠡ ᠶᠢᠨ ᠡᠬᠢ ᠪᠠᠶᠠᠯᠢᠭ ᠲᠦᠷᠭᠡᠨ ᠢᠶᠠᠷ ᠨᠡᠮᠡᠭᠳᠡᠪᠡ᠃ ᠬᠥᠬᠡᠬᠤᠲᠠ ᠨᠡᠶᠢᠲᠡ 40 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠷᠢᠳ ᠬᠤᠵᠢᠳ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ᠂ ᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠦᠬᠡᠷᠡᠴᠢᠯᠡᠨ ᠥᠷᠭᠡᠳᠬᠡᠨ ᠪᠠᠶᠢᠭᠤᠯᠪᠠ᠃ ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ 10 ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠮᠴᠢᠯᠡᠭᠡᠨ ᠤ ᠪᠠᠶᠢᠭᠤᠯᠤᠮᠵᠢ ᠴᠤ ᠶᠡᠭᠡ ᠬᠡᠮᠵᠢᠶᠡᠨ ᠤ ᠪᠠᠯᠠ ᠮᠥᠩᠭᠦ ᠣᠷᠣᠭᠤᠯᠵᠤ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠵᠡᠷᠭᠡ ᠨᠢᠭᠡ ᠪᠦᠯᠦᠭ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ ᠲᠠᠰᠤᠷᠠᠰᠢ ᠦᠭᠡᠢ ᠬᠥᠭᠵᠢᠵᠦ᠂ ᠡᠪᠡᠳᠴᠢᠨ ᠦᠵᠡᠭᠦᠯᠬᠦ ᠣᠷᠴᠢᠨ ᠲᠣᠭᠤᠷᠢᠨ᠂ ᠣᠳᠣᠬᠢᠴᠢᠯᠠᠭᠰᠠᠨ ᠡᠮᠴᠢᠯᠡᠭᠡᠨ ᠤ ᠲᠥᠬᠦᠭᠡᠷᠦᠮᠵᠢ ᠪᠣᠯᠤᠨ ᠲᠡᠷᠢᠭᠦᠨ ᠤ ᠡᠮᠴᠢᠯᠡᠭᠡᠨ ᠤ  ᠣᠶᠢᠯᠡᠴᠢᠯᠡᠭᠡᠨ ᠤ ᠬᠢᠷᠢ ᠲᠦᠪᠰᠢᠨ ᠨᠢ ᠪᠦᠬᠦ ᠬᠤᠲᠠ ᠶᠢᠨ ᠡᠮᠴᠢᠯᠡᠭᠡᠨ ᠤ ᠣᠶᠢᠯᠡᠴᠢᠯᠡᠭᠡᠨ ᠤ ᠴᠢᠳᠠᠪᠤᠷᠢ ᠶᠢ ᠲᠦᠷᠭᠡᠨ ᠳᠠᠪᠰᠢᠯᠲᠠ ᠲᠠᠢ ᠪᠣᠯᠭᠠᠵᠤ᠂ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ᠃ ︵ ᠬᠥᠬᠡᠬᠤᠲᠠ ᠶᠢᠨ ᠡᠳᠦᠷ ᠤᠨ ᠰᠣᠨᠢᠨ ᠤ  ᠰᠤᠷᠪᠤᠯᠵᠢᠯᠠᠭᠴᠢ ᠯᠢᠶᠠᠩ ᠵᠢᠩ ᠮᠧᠶ  ᠴᠢᠮᠡᠭᠡᠯᠡᠭᠴᠢ ᠵᠠᠩ ᠰᠢᠤᠢ︶http://mongol.people.com.cn/15826140.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号