ᠮᠥᠩᠬᠡᠭᠡᠷᠡᠯᠳᠦ᠄ ᠥᠪᠥᠷ ᠮᠣᠩᠭᠤᠯ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠬᠦ ᠠᠵᠢᠯ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠲᠡᠷᠢᠭᠦᠯᠡᠵᠦ ᠪᠠᠶᠢᠨ᠎ᠠ
ᠨᠡᠶᠢᠲᠡᠯᠡᠭᠰᠡᠨ ᠴᠠᠭ᠄
2020/10/12
                     ᠰᠤᠷᠪᠤᠯᠵᠢᠯᠠᠭᠴᠢ ᠶᠦᠨ ᠰᠢᠶᠠ ᠶᠠᠩ    1980 ᠣᠨ ᠠᠴᠠ ᠡᠬᠢᠯᠡᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠲᠠᠢ ᠬᠤᠯᠪᠣᠭᠳᠠᠬᠤ ︿ᠠᠵᠢᠨᠠᠢ﹀ ᠱᠠᠩᠨᠠᠯ ᠤᠨ ᠰᠢᠯᠭᠠᠷᠠᠭᠤᠯᠤᠯᠲᠠ ᠬᠢᠬᠦ ᠠᠵᠢᠯᠯᠠᠭ᠎ᠠ ᠶᠢ ᠡᠬᠢᠯᠡᠭᠦᠯᠦᠭᠰᠡᠨ ᠶᠤᠮ᠂ ᠡᠨᠡ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠷᠠᠳᠤᠭᠰᠠᠨ ᠮᠣᠩᠭᠤᠯ ᠮᠣᠷᠢᠨ ᠤ ᠵᠣᠷᠢᠭ  ᠰᠠᠨᠠᠭ᠎ᠠ ᠶᠢ ᠪᠠᠳᠠᠷᠠᠭᠤᠯᠬᠤ ᠲᠠᠢ ᠨᠡᠶᠢᠴᠡᠵᠦ ᠪᠠᠶᠢᠨ᠎ᠠ ᠭᠡᠵᠦ ᠮᠦᠩᠬᠡᠭᠡᠷᠡᠯᠳᠤ ᠬᠡᠯᠡᠨ᠎ᠡ᠃    ᠮᠦᠩᠬᠡᠭᠡᠷᠡᠯᠳᠤ ᠲᠥᠪ ᠤᠨ ᠦᠨᠳᠦᠰᠦᠲᠡᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ ᠴᠡᠷᠢᠭ ᠲᠤ ᠤᠷᠤᠵᠦ᠂ ᠰᠢᠯᠢ ᠶᠢᠨ ᠭᠤᠤᠯ ᠴᠡᠷᠢᠭ ᠤᠨ ᠬᠤᠪᠢᠶᠠᠷᠢ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠭᠤᠷᠪᠠᠳᠤᠭᠠᠷ ᠬᠤᠷᠢᠶ᠎ᠠ ᠳᠤ ᠱᠲ᠋ᠠᠪᠴᠢ᠂ ᠠᠵᠢᠯᠲᠠᠨ ᠤ ᠠᠵᠢᠯ ᠬᠢᠵᠦ ᠪᠠᠶᠢᠨ᠎ᠠ᠃ ᠲᠡᠷᠡ ᠥᠪᠥᠷ ᠮᠣᠩᠭᠤᠯ ᠤᠨ ᠡᠷᠡᠭᠦᠯ ᠮᠡᠨᠳᠦ ᠶᠢᠨ ᠬᠥᠮᠦᠵᠢᠯ ᠤᠨ ᠰᠤᠳᠤᠯᠭᠠᠨ ᠤ ᠭᠠᠵᠠᠷ ᠲᠤ 30 ᠭᠠᠷᠤᠢ ᠵᠢᠯ ᠠᠵᠢᠯᠯᠠᠵᠦ᠂ ᠤᠳᠤ ᠥᠪᠥᠷ ᠮᠣᠩᠭᠤᠯ ᠤᠨ ᠡᠷᠡᠭᠦᠯ ᠮᠡᠨᠳᠦ ᠶᠢᠨ ᠬᠥᠮᠦᠵᠢᠯ ᠤᠨ ᠰᠤᠳᠤᠯᠭᠠᠨ ᠤ ᠭᠠᠵᠠᠷ ᠤᠨ ᠳᠠᠷᠤᠭ᠎ᠠ ᠪᠥᠭᠡᠳ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠮᠡᠨᠳᠦ ᠶᠢᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃     ᠮᠦᠩᠬᠡᠭᠡᠷᠡᠯᠳᠤ ᠶᠢᠨ ᠲᠠᠨᠢᠯᠴᠠᠭᠤᠯᠬᠤ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠡᠬᠢᠯᠡᠯᠲᠡ ᠨᠢ ᠳᠥᠷᠪᠡᠨ ᠬᠤᠣᠷᠲᠠᠨ ᠢ ᠠᠷᠢᠯᠭᠠᠬᠤ ᠠᠴᠠ ᠭᠠᠷᠳᠠᠭᠰᠠᠨ ᠶᠤᠮ᠂ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠲᠠᠯᠠᠪᠠᠢ ᠠᠭᠤᠳᠠᠮ᠂ ᠪᠦᠬᠦ ᠤᠯᠤᠰ ᠤᠨ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠬᠦᠨᠳᠦ ᠭᠠᠮᠰᠢᠭᠳᠠᠭᠰᠠᠨ ᠣᠷᠣᠨ ᠪᠣᠯᠤᠨ᠎ᠠ᠃ ᠮᠥᠨ ᠴᠦ ᠬᠠᠮᠤᠭ ᠡᠷᠲᠡᠨ ᠤ ︽ᠨᠢᠭᠡ ᠳᠠᠶᠢᠯᠠᠯᠳᠤᠭᠠᠨ ᠤ ᠪᠠᠷᠢᠮᠵᠢᠶ᠎ᠠ ᠳᠤ ᠬᠦᠷᠦᠭᠰᠡᠨ︾ ᠮᠤᠵᠢ ᠪᠣᠯᠤᠨ᠎ᠠ᠃ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠬᠦ ᠠᠵᠢᠯ ᠢ ᠦᠷᠨᠢᠭᠦᠯᠬᠦ ᠳᠤ᠂ ᠮᠠᠯᠵᠢᠬᠤ ᠣᠷᠣᠨ ᠤ ᠦᠭᠡ ᠬᠡᠯᠡ ᠪᠠ ᠦᠰᠦᠭ ᠪᠢᠴᠢᠭ ᠤᠨ ᠤᠬᠠᠭᠤᠯᠭ᠎ᠠ ᠨᠡᠯᠢᠶᠡᠳ ᠬᠦᠴᠢᠷᠲᠡᠶ ᠪᠣᠯᠬᠤᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠨᠢ ᠠᠷᠭ᠎ᠠ ᠪᠠᠷᠢᠯ ᠤᠨ ᠲᠠᠯ᠎ᠠ ᠪᠠᠷ ᠦᠨᠳᠦᠰᠦᠲᠡᠨ ᠤ ᠤᠨᠴᠠᠯᠢᠭ ᠲᠠᠢ ᠤᠶᠠᠯᠳᠤᠭᠤᠯᠵᠤ᠂ ᠬᠢᠲᠠᠳ ᠬᠡᠯᠡ ᠪᠠ ᠮᠣᠩᠭᠤᠯ ᠬᠡᠯᠡ ᠶᠢ ᠵᠡᠷᠭᠡᠪᠡᠷ ᠤᠬᠠᠭᠤᠯᠬᠤ ᠶᠢ ᠬᠡᠷᠡᠭᠵᠢᠭᠦᠯᠵᠠᠢ᠃ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠠᠵᠤ ᠠᠬᠤᠶ ᠬᠠᠷᠢᠴᠠᠩᠭᠤᠶ ᠬᠤᠴᠣᠷᠤᠩᠭᠤᠶ ᠪᠤᠯᠪᠠᠴᠤ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠶᠠᠪᠤᠴᠠ ᠳᠤ ᠡᠯ᠎ᠡ ᠵᠥᠢᠯ ᠤᠨ ᠬᠦᠴᠢᠷᠳᠡᠯ ᠢ ᠢᠯᠠᠨ ᠳᠠᠪᠠᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠯᠠᠮᠵᠢᠯᠠᠯ ᠳᠡᠮᠵᠢᠯᠭᠡ ᠶᠢ ᠤᠯᠤᠭᠰᠠᠨ ᠶᠤᠮ᠃ ᠣᠳᠣᠬᠠᠨ ᠳᠤ᠂ ᠮᠠᠨ ᠤ ᠣᠷᠣᠨ ᠤ ᠨᠢᠭᠡᠨᠲᠡ ᠪᠠᠲᠤᠯᠠᠭᠰᠠᠨ ᠤᠯᠤᠰ ᠤᠨ ᠲᠡᠰ ᠤᠨ ᠠᠷᠢᠭᠤᠨ ᠴᠡᠪᠡᠷ  ᠬᠤᠲᠠ 6 ᠪᠣᠢ᠂ ᠪᠠᠰᠠ ᠮᠠᠨᠵᠤᠤᠷ ᠬᠤᠲᠠ᠂ ᠡᠷᠢᠶᠡᠨ ᠬᠤᠲᠠ ᠶᠢ ᠪᠠᠭᠲᠠᠭᠠᠭᠰᠠᠨ 7 ᠠᠶᠢᠮᠠᠭ ᠤᠨ ᠰᠠᠭᠤᠭ᠎ᠠ ᠭᠠᠵᠠᠷ ᠨᠢ ᠤᠯᠤᠰ ᠤᠨ ᠠᠷᠢᠭᠤᠨ ᠴᠡᠪᠡᠷ ᠬᠤᠲᠠ ᠶᠢ ᠪᠠᠶᠢᠭᠤᠯᠵᠤ ᠪᠠᠶᠢᠨ᠎ᠠ᠂ ᠮᠠᠨ ᠤ ᠣᠷᠣᠨ ᠤ ᠠᠷᠢᠭᠤᠨ ᠴᠡᠪᠡᠷ ᠬᠤᠲᠠ ᠶᠢᠨ ᠡᠭᠦᠳᠦᠨ ᠪᠠᠶᠢᠭᠤᠯᠬᠤ ᠠᠵᠢᠯ ᠤᠳᠠᠯ ᠥᠬᠡᠶ ᠲᠤᠰᠬᠠᠶ ᠣᠷᠣᠨ ᠤ ᠲᠠᠰ ᠤᠨ ᠤᠯᠤᠰ ᠤᠨ ᠠᠷᠢᠭᠤᠨ ᠴᠡᠪᠡᠷ ᠬᠤᠲᠠ ᠶᠢ ᠨᠡᠶᠢᠳᠡᠮ ᠪᠠᠶᠢᠭᠤᠯᠬᠤ ᠶᠢ ᠪᠡᠶᠡᠯᠡᠭᠦᠯᠬᠦ ᠪᠣᠯᠤᠨ᠎ᠠ᠃ 2020 ᠣᠨ ᠤ ᠤᠯᠤᠰ ᠤᠨ ᠬᠠᠷᠠᠯᠲᠠ ᠶᠢᠨ ᠱᠠᠭᠠᠷᠳᠠᠯᠭ᠎ᠠ ᠳᠤ ᠬᠦᠷᠬᠦ ᠭᠡᠵᠦ ᠪᠠᠶᠢᠨ᠎ᠠ᠃ ᠥᠪᠥᠷ ᠮᠣᠩᠭᠤᠯ ᠤᠨ ᠠᠷᠢᠭᠤᠨ ᠴᠡᠪᠡᠷ ᠬᠤᠲᠠ ᠡᠭᠦᠳᠦᠨ ᠪᠠᠶᠢᠭᠤᠯᠬᠤ ᠠᠵᠢᠯ ᠨᠢᠭᠡᠨᠲᠡ ᠤᠮᠠᠷᠠᠲᠤ ᠤᠷᠤᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠣᠷᠣᠨ ᠤ ᠡᠮᠦᠨ᠎ᠡ ᠡᠩᠨᠡᠭᠡᠨ ᠳᠤ ᠶᠠᠪᠤᠵᠤ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠠᠭᠠᠨ ᠲᠡᠷᠢᠭᠦᠯᠵᠦ ᠪᠠᠶᠢᠨ᠎ᠠ  ᠃    ᠮᠥᠩᠬᠡᠭᠡᠷᠡᠯᠳᠦ ᠬᠡᠯᠡᠬᠦ ᠳᠡᠭᠡᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠨᠢ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠤᠵᠠᠷ ᠤᠰᠤ ᠶᠢ ᠰᠢᠢᠳᠪᠤᠷᠢᠯᠡᠬᠦ ᠪᠠ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠭᠤᠷᠠᠶ ᠭᠠᠵᠠᠷ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠬᠤ ᠠᠵᠢᠯᠯᠠᠭ᠎ᠠ ᠶᠢ ᠶᠡᠬᠡᠪᠡᠷ ᠦᠷᠨᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠳᠤᠷ᠎ᠠ ᠪᠠᠷ ᠢᠶᠠᠨ ᠪᠠᠶᠢᠭᠤᠯᠬᠤ᠂ ᠬᠤᠭ ᠨᠣᠪᠰᠢ ᠣᠪᠣᠭᠠᠯᠠᠬᠤ᠂ ᠪᠤᠵᠠᠷ ᠤᠰᠤ ᠰᠠᠴᠤᠬᠤ ᠵᠡᠷᠭᠡ ᠦᠵᠡᠭᠳᠡᠯ ᠵᠢᠴᠢ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠥᠭᠡᠷᠡᠴᠢᠯᠡᠬᠦ ᠠᠵᠢᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠰᠠᠭᠤᠷᠢ ᠲᠥᠬᠦᠭᠡᠷᠦᠮᠵᠢ ᠨᠢ ᠪᠦᠷᠢᠨ ᠭᠦᠢᠴᠡᠳ᠂ ᠣᠨᠴᠠᠯᠢᠭ ᠨᠢ ᠢᠯᠡ ᠲᠣᠳᠣ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠡᠭᠦᠳᠦᠨ ᠪᠠᠶᠢᠭᠤᠯᠵᠤ᠂ ᠠᠷᠠᠳ ᠣᠯᠠᠨ ᠤ ᠲᠠᠭᠠᠰᠢᠶᠠᠯ ᠢ ᠣᠯᠵᠠᠶ ᠭᠡᠪᠡ᠃http://mongol.people.com.cn/15826141.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号