9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠡᠯᠡ ᠮᠥᠩᠭᠦ 10.08 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020/10/13
       ︵ᠰᠤᠷᠪᠤᠯᠵᠢᠯᠠᠭᠴᠢ ᠰᠦᠩ ᠰᠢᠶᠠᠩ ᠬᠤᠸᠠ︶ ᠰᠤᠷᠪᠤᠯᠵᠢᠯᠠᠭᠴᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠡᠯᠡ ᠮᠥᠩᠭᠦ 10.08 ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠳᠤ ᠬᠦᠴᠦᠲᠡᠢ ᠪᠠᠲᠤᠯᠠᠭ᠎ᠠ ᠬᠠᠩᠭᠠᠪᠠ᠃     ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠠᠷᠤᠰᠢᠭᠤᠯᠤᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠡᠯᠡ ᠮᠥᠩᠭᠦ ᠶᠢ ᠪᠠᠭᠤᠯᠭᠠᠬᠤ᠂ ᠬᠡᠷᠡᠭᠯᠡᠬᠦ ᠵᠢᠴᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠲᠤᠰᠠᠳᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠬᠤᠲᠠ ᠶᠢᠨ ᠳᠥᠷᠪᠡᠨ ᠲᠣᠭᠤᠷᠢᠭ ᠪᠣᠯᠣᠨ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠲᠣᠰᠬᠤᠨ ᠢᠶᠠᠷ ᠶᠠᠪᠤᠨ ᠠᠶᠢᠯ ᠢᠶᠠᠷ ᠣᠷᠣᠵᠤ ᠲᠤᠬᠠᠢ ᠶᠢᠨ ᠭᠠᠵᠠᠷ ᠨᠢ ᠪᠠᠶᠢᠴᠠᠭᠠᠨ ᠦᠵᠡᠬᠦ᠂ ᠲᠣᠯᠣᠭᠠᠶᠢᠯᠠᠬᠤ ᠨᠢᠭᠡᠴᠡ ᠪᠠ ᠪᠠᠷᠢᠯᠭ᠎ᠠ ᠶᠢᠨ ᠠᠵᠤ ᠠᠬᠤᠶᠢᠯᠠᠯ ᠲᠠᠢ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠪᠦᠬᠦ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠤᠯᠲᠠ ᠪᠠᠷ ᠳᠠᠮᠵᠢᠨ ᠮᠡᠳᠡᠭᠰᠡᠨ ᠢᠶᠠᠷ᠂ 9 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠬᠤᠲᠠ ᠶᠢᠨ ᠳᠥᠷᠪᠡᠨ ᠲᠣᠭᠤᠷᠢᠭ ᠵᠢᠴᠢ ᠲᠦᠮᠡᠳ ᠵᠡᠭᠦᠨ ᠬᠤᠰᠢᠭᠤ ᠨᠡᠶᠢᠲᠡ 19.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠠᠷᠢᠯᠭ᠎ᠠ ᠬᠠᠮᠤᠭ ᠰᠡᠭᠦᠯ ᠤᠨ ᠰᠢᠪᠲᠤᠯᠤᠯᠲᠠ ᠪᠠ ᠰᠡᠭᠦᠯ ᠬᠤᠷᠢᠶᠠᠬᠤ ᠱᠠᠲᠤᠨ ᠳᠠᠭᠠᠨ ᠣᠷᠣᠵᠤ᠂ ᠬᠤᠲᠠ᠂ ᠰᠢᠶᠠᠨ ᠬᠤᠶᠠᠷ ᠱᠠᠲᠤᠨ ᠤ ᠣᠷᠣᠭᠤᠯᠤᠭᠰᠠᠨ ᠪᠡᠯᠡ ᠮᠥᠩᠭᠦ ᠨᠢ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠳᠦᠰᠦᠨ ᠳᠡᠭᠡᠨ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠵᠢᠯᠣᠭᠤᠳᠬᠤ ᠪᠠ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ ᠦᠷ᠎ᠡ ᠪᠦᠲᠦᠮᠵᠢ ᠣᠯᠵᠠᠢ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ᠪᠡᠯᠡ ᠮᠥᠩᠭᠦ ᠶᠢ ᠮᠥᠷᠳᠡᠨ ᠦᠷ᠎ᠡ ᠪᠦᠲᠦᠮᠵᠢ ᠠᠰᠠᠭᠤᠬᠤ ᠪᠠᠨ ᠦᠷᠭᠦᠯᠵᠢᠯᠡᠨ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠨᠡᠩ ᠶᠡᠭᠡ ᠦᠷ᠎ᠡ ᠠᠰᠢᠭ ᠭᠠᠷᠭᠠᠨ᠂ ᠠᠷᠠᠳ ᠲᠦᠮᠡᠨ ᠳᠤ ᠨᠡᠩ ᠣᠯᠠᠨ ᠠᠰᠢᠭ ᠬᠦᠷᠳᠡᠭᠡᠬᠦ ᠶᠢ ᠪᠠᠳᠤᠯᠠᠵᠤ᠂ ᠮᠠᠨ ᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号