ᠬᠥᠬᠡᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠬᠤᠢ ᠲᠠᠯᠠᠪᠠᠢ ᠶᠢᠨ ᠠᠬᠢᠭᠤᠯᠤᠯᠲᠠ ᠶᠢᠨ ᠬᠤᠷᠠᠯ ᠵᠢᠴᠢ ᠶᠠᠳᠠᠭᠤ ᠶᠢ ᠲᠡᠳᠬᠦᠬᠦ ᠡᠳᠦᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/10/13
ᠸᠠᠩ ᠯᠢ ᠰᠢᠶᠠ  ᠵᠠᠩ ᠪᠠᠢ ᠴᠧᠩ  ᠾᠧ ᠬᠠᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ  ᠮᠢᠶᠥᠥ ᠰᠢᠨ︶ ᠮᠠᠨ ᠤ ᠤᠯᠤᠰ ᠤᠨ ᠲᠣᠯᠤᠭᠠᠳᠡᠬᠢ ᠶᠠᠳᠠᠭᠤ ᠶᠢ ᠲᠡᠳᠬᠦᠬᠦ ᠡᠳᠦᠷ ᠵᠢᠴᠢ 28 ᠳ᠋ᠤᠭᠠᠷ ᠤᠳᠠᠭ᠎ᠠ ᠶᠢᠨ ᠣᠯᠠᠨ ᠤᠯᠤᠰ ᠤᠨ ᠶᠠᠳᠠᠭᠤ ᠶᠢ ᠠᠷᠢᠯᠭᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠥᠬᠡᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠬᠤᠢ ᠲᠠᠯᠠᠪᠠᠢ ᠶᠢᠨ ᠠᠬᠢᠭᠤᠯᠤᠯᠲᠠ ᠶᠢᠨ ᠬᠤᠷᠠᠯ ᠵᠢᠴᠢ ᠶᠠᠳᠠᠭᠤ ᠶᠢ ᠲᠡᠳᠬᠦᠬᠦ ᠡᠳᠦᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ 10 ᠳ᠋ᠤᠭᠠᠷ ᠰᠠᠷ᠎ᠠ ᠶᠢᠨ 12 ᠤᠨ ᠦᠳᠡ ᠶᠢᠨ ᠡᠮᠦᠨ᠎ᠡ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠤᠷᠢᠯᠭ᠎ᠠ ᠪᠠᠷ  ᠠᠵᠢᠯᠯᠠᠭ᠎ᠠ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠣᠣ ᠶᠦᠩ ᠪᠥᠸᠧ ᠲᠠᠢ ᠬᠠᠮᠲᠤ ᠪᠠᠷ ᠬᠥᠬᠡᠬᠤᠲᠠ ᠶᠢᠨ 2020 ᠣᠨ ᠤ ︽ᠶᠠᠳᠠᠭᠤ ᠶᠢ ᠲᠡᠳᠬᠦᠬᠦ ᠡᠳᠦᠷ︾ ᠤᠨ ᠠᠵᠢᠯᠯᠠᠭ᠎ᠠ ᠶᠢ ᠡᠬᠢᠯᠡᠭᠦᠯᠦᠭᠰᠡᠨ ᠪᠥᠭᠡᠳ ᠥᠪᠥᠷ ᠮᠣᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠳᠡᠯᠭᠡᠨ ᠪᠣᠷᠣᠯᠠᠭᠤᠯᠬᠤ ᠦᠢᠯᠡᠴᠢᠯᠡᠭᠡ ᠶᠢᠨ ᠲᠥᠪ ᠢ ᠲᠣᠭᠤᠷᠢᠨ ᠦᠵᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠠᠵᠢᠯᠯᠠᠭ᠎ᠠ ᠳᠤ ᠣᠷᠣᠯᠴᠠᠪᠠ᠃     ᠡᠬᠢᠯᠡᠯᠲᠡ ᠶᠢᠨ ᠶᠣᠰᠣᠯᠠᠯ ᠢ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠡᠷᠬᠢᠯᠡᠪᠡ᠃      ᠾᠧ ᠬᠠᠢ ᠳ᠋ᠦᠩ ᠪᠠᠶᠠᠷ ᠤᠨ ᠦᠭᠡᠨ ᠳᠡᠭᠡᠨ᠄ ᠤᠯᠤᠰ ᠠᠴᠠ ︽ᠶᠠᠳᠠᠭᠤ ᠶᠢ ᠲᠡᠳᠬᠦᠬᠦ ᠡᠳᠦᠷ︾ ᠭᠠᠷᠭᠠᠭᠰᠠᠨ ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ᠣᠨᠴᠠᠭᠠᠶ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠬᠤ ᠶᠢᠨ ᠬᠠᠮᠲᠤ᠂ ᠪᠠᠰᠠ ᠴᠦ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠣᠷᠣᠯᠴᠠᠭᠤᠯᠬᠤ ᠨᠢᠭᠡ ᠵᠦᠢᠯ ᠤᠨ ᠴᠢᠬᠤᠯᠠ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠠᠨ ︽ᠬᠡᠷᠡᠭᠯᠡᠭᠡ︾ ᠪᠠᠷ ᠲᠠᠪᠴᠠᠩ ᠪᠣᠯᠭᠠᠵᠤ᠂ ᠨᠢᠭᠡ ᠪᠦᠯᠦᠭ ᠲᠤᠰᠬᠠᠶ ᠵᠦᠢᠯ ᠤᠨ ᠠᠵᠢᠯᠯᠠᠭ᠎ᠠ ᠥᠷᠨᠢᠭᠦᠯᠦᠨ᠎ᠡ ᠃ ᠨᠢᠭᠡ ᠳᠤ ᠡᠨᠡ ᠵᠢᠯ ᠠᠴᠠ ᠡᠬᠢᠯᠡᠨ ᠵᠢᠯ ᠪᠦᠷᠢ 1000 ᠲᠦᠮᠡᠨ ᠲᠥᠭᠦᠷᠢᠭ ᠠᠴᠠ ᠳᠣᠤᠷ᠎ᠠ ᠥᠬᠡᠶ ᠲᠤᠰᠬᠠᠶ ᠪᠠᠯᠠ ᠮᠥᠩᠭᠦ ᠭᠠᠷᠭᠠᠵᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠬᠡᠷᠡᠭᠯᠡᠨ᠎ᠡ︔ ᠬᠤᠶᠠᠷ ᠲᠤ 1000 ᠲᠡᠭᠰᠢ ᠳᠥᠷᠪᠡᠯᠵᠢᠨ ᠮᠧᠲᠷ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠡᠯᠭᠡᠨ ᠪᠣᠷᠣᠯᠠᠭᠤᠯᠬᠤ ᠲᠥᠪ ᠢ ᠲᠥᠯᠥᠪᠯᠡᠨ ᠰᠢᠨ᠎ᠡ ᠪᠠᠷ ᠪᠠᠶᠢᠭᠤᠯᠤᠨ᠎ᠠ︔ ᠭᠤᠷᠪᠠ ᠳᠤ᠂ ᠨᠢᠭᠡ ᠪᠦᠯᠦᠭ ᠬᠡᠷᠡᠭᠯᠡᠭᠡ ᠪᠠᠷ ᠶᠠᠳᠠᠭᠤ ᠶᠢ ᠲᠡᠳᠬᠦᠬᠦ ︽ᠭᠤᠷᠪᠠᠨ ᠲᠤᠰᠬᠠᠢ︾ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ︔ ᠳᠥᠷᠪᠡ ᠳᠤ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ︔ ᠲᠠᠪᠤ ᠳᠤ 9 ᠬᠤᠰᠢᠭᠤ ᠰᠢᠶᠠᠨ ᠲᠣᠭᠤᠷᠢᠭ ᠲᠤᠰᠪᠦᠷᠢ ᠨᠢᠭᠡ ᠨᠥᠯᠥᠭᠡᠯᠡᠬᠦ ᠬᠦᠴᠦᠨ ᠲᠠᠢ ᠨᠡᠶᠢᠲᠡ ᠶᠢᠨ ᠬᠡᠷᠡᠭᠯᠡᠭᠡᠨ ᠤ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠠᠬᠢᠭᠤᠯᠤᠨ᠎ᠠ︔ ᠵᠢᠷᠭᠤᠭ᠎ᠠ ᠳᠤ ᠨᠢᠭᠡ ᠤᠳᠠᠭᠠᠨ ᠤ ︽ᠬᠡᠷᠡᠭᠯᠡᠭᠡ ᠪᠠᠷ ᠬᠠᠪᠰᠤᠷᠬᠤ ᠶᠢ ᠣᠷᠣᠯᠠᠭᠤᠯᠬᠤ︾ ᠠᠵᠢᠯᠯᠠᠭ᠎ᠠ ᠥᠷᠨᠢᠭᠦᠯᠵᠦ᠂ ᠲᠣᠭᠲᠠᠭᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠷᠢᠴᠠᠭ᠎ᠠ ᠶᠢ ᠪᠠᠶᠢᠭᠤᠯᠤᠨ᠎ᠠ᠃ ᠳᠣᠯᠤᠭ᠎ᠠ ᠳᠤ ᠨᠢᠭᠡ ᠪᠦᠯᠦᠭ ᠨᠥᠯᠥᠭᠡᠯᠡᠬᠦ ᠬᠦᠴᠦᠨ ᠲᠠᠢ ᠶᠠᠳᠠᠭᠤ ᠶᠢ ᠲᠡᠳᠬᠦᠬᠦ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠡᠭᠦᠳᠴᠦ᠂ ᠬᠡᠷᠡᠭᠯᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ︽ᠤᠭᠰᠠᠷᠠᠭ᠎ᠠ ᠴᠣᠬᠢᠯᠲᠠ︾ ᠶᠢ ᠦᠨᠡᠨᠬᠦ ᠰᠠᠶᠢᠬᠠᠨ ᠴᠣᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠲᠥᠪ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠴᠢᠨᠠᠷ ᠰᠠᠶᠢᠲᠠᠢ ᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ︕ ᠭᠡᠵᠡᠢ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠶᠦᠨ ᠬᠠᠢ ᠬᠤᠰᠢᠭᠤ ᠰᠢᠶᠠᠨ ᠲᠣᠭᠤᠷᠢᠭ ᠢ ᠲᠥᠯᠥᠭᠡᠯᠡᠨ ᠶᠠᠷᠢᠶ᠎ᠠ ᠲᠠᠯᠪᠢᠵᠤ᠂ ᠡᠯ᠎ᠡ ᠬᠤᠰᠢᠭᠤ ᠰᠢᠶᠠᠨ ᠲᠣᠭᠤᠷᠢᠭ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠭᠦᠷᠭᠡ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠵᠠᠢ᠃      ᠡᠬᠢᠯᠡᠯᠲᠡ ᠶᠢᠨ ᠶᠣᠰᠣᠯᠠᠯ ᠠᠴᠠ ᠡᠮᠦᠨ᠎ᠡ ᠪᠠᠰᠠ ᠪᠦᠬᠦ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠬᠤᠢ ᠲᠠᠯᠠᠪᠠᠢ ᠶᠢᠨ ᠲᠤᠭᠤᠷᠢᠨ ᠰᠤᠷᠤᠯᠴᠠᠬᠤ ᠬᠤᠷᠠᠯ ᠬᠢᠵᠡᠢ᠃ ᠶᠣᠣ ᠶᠦᠩ ᠪᠥᠸᠧ᠂ ᠾᠧ ᠬᠠᠢ ᠳ᠋ᠦᠩ᠂ ᠶᠦᠨ ᠬᠠᠢ ᠨᠠᠷ ᠤᠷᠢᠳ ᠬᠤᠵᠢᠳ ᠬᠤᠲᠠ ᠶᠢᠨ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠶᠡᠭᠡ ᠲᠢᠩᠬᠢᠮ᠂ ᠭᠤᠣᠯᠲᠤ ᠪᠣᠷᠣ ᠵᠠᠮ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠮᠢᠳᠤᠷᠠᠯ ᠤᠨ ᠣᠷᠳᠣᠨ᠂ ᠵᠢᠥᠢ ᠬᠠᠢ ᠴᠧᠩ ᠬᠤᠷᠢᠶᠠᠯᠠᠯ ᠵᠡᠷᠭᠡ ᠭᠠᠵᠠᠷ ᠢᠶᠠᠷ ᠬᠦᠷᠴᠦ᠂ ᠪᠦᠬᠦ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠶᠡᠷᠦᠩᠬᠡᠢ ᠪᠠᠶᠢᠳᠠᠯ ᠤᠨ ᠦᠵᠡᠭᠦᠯᠭᠡ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠣᠶᠣᠨᠴᠢ ᠬᠤᠷᠭᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ︽ᠭᠤᠷᠪᠠᠨ ᠲᠤᠰᠬᠠᠢ︾ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号